ᠲᠠᠩ ᠢ ᠪᠦᠯᠬᠦᠮ ᠳᠠᠭᠠᠭᠤᠯᠤᠨ ᠭᠤᠸᠠᠩᠰᠢ᠂ ᠭᠤᠸᠠᠩᠳᠦ᠋ᠩ ᠳᠤ ᠬᠦᠷᠴᠦ ᠰᠢᠨᠵᠢᠯᠡᠨ ᠪᠠᠶᠢᠴᠠᠭᠠᠵᠤ ᠬᠠᠮᠲᠤᠷᠠᠯᠴᠠᠭᠠᠨ ᠤ ᠲᠤᠬᠠᠢ ᠵᠥᠪᠳᠡᠯᠴᠡᠪᠡ
ᠨᠡᠶᠢᠲᠡᠯᠡᠭᠰᠡᠨ ᠴᠠᠭ᠄
2024/7/17
     7 ᠰᠠᠷ᠎ᠠ ᠶᠢᠨ 14 ᠤ ᠡᠳᠦᠷ ᠠᠴᠠ 16 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠪᠦᠯᠬᠦᠮ ᠳᠠᠭᠠᠭᠤᠯᠤᠨ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠪᠸᠢ ᠬᠠᠶ ᠬᠤᠲᠠ᠂ ᠭᠤᠸᠠᠩᠳᠦ᠋ᠩ ᠮᠤᠵᠢ ᠶᠢᠨ ᠱᠧᠨᠵᠧᠨ ᠬᠤᠲᠠ ᠳᠤ ᠬᠦᠷᠴᠦ ᠰᠢᠨᠵᠢᠯᠡᠨ ᠪᠠᠶᠢᠴᠠᠭᠠᠵᠤ ᠬᠠᠮᠲᠤᠷᠠᠯᠴᠠᠭᠠᠨ  ᠤ ᠲᠤᠬᠠᠢ ᠵᠥᠪᠳᠡᠯᠴᠡᠪᠡ᠃ ᠬᠤᠲᠠ ᠶᠢᠨ ᠤᠳᠤᠷᠢᠳᠤᠯᠭ᠎ᠠ ᠯᠢ ᠠᠩ᠂ ᠯᠢ ᠴᠦᠨ ᠰᠢᠶᠤᠤ᠂ ᠭᠤᠤ ᠪᠥᠸᠧ ᠣᠷᠣᠯᠴᠠᠪᠡ᠃

     ᠪᠸᠢ ᠬᠠᠢ ᠬᠤᠳᠠ ᠳᠤ᠂ ᠲᠠᠩ ᠢ ᠨᠡᠷ ᠭᠠᠳᠠᠭᠠᠳᠤ ᠠᠷᠠᠯᠵᠢᠶᠠᠨ ᠤ ᠪᠠᠷᠠᠭᠠᠨ ᠤ ᠭᠦᠢᠯᠭᠡᠭᠡ᠂ ᠰᠣᠶᠣᠯ

ᠵᠢᠭᠤᠯᠴᠢᠯᠠᠯ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠢ

ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠪᠸᠢ ᠬᠠᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ

ᠵᠠᠰᠠᠭ ᠤᠨ ᠣᠷᠳᠣᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢᠨ ᠬᠠᠮᠲᠤ ᠬᠠᠮᠲᠤᠷᠠᠯᠴᠠᠨ ᠬᠥᠭᠵᠢᠬᠦ

ᠪᠦᠳᠦᠭᠦᠪᠴᠢ ᠵᠥᠪᠯᠡᠯᠴᠡᠭᠡᠷ ᠲᠣᠭᠲᠠᠪᠡ᠃

     ᠶᠠᠷᠢᠯᠴᠠᠬᠤ ᠬᠤᠷᠠᠯ ᠳᠡᠭᠡᠷ᠎ᠡ᠂ ᠲᠠᠩ ᠢ ᠪᠸᠢ ᠬᠠᠢ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠵᠤ ᠣᠯᠤᠭᠰᠠᠨ ᠠᠮᠵᠢᠯᠲᠠ ᠪᠦᠲᠦᠮᠵᠢ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠲᠡᠷᠡ

ᠬᠡᠯᠡᠭᠰᠡᠨ ᠨᠢ᠂ ᠣᠳᠣᠬᠠᠨ ᠳᠤ᠂ ᠦᠬᠠᠢ ᠬᠤᠳᠠ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠵᠢᠯᠣᠭᠤᠳᠤᠭᠰᠠᠨ

ᠴᠢᠭᠯᠡᠯ ᠶᠣᠰᠣᠭᠠᠷ᠂ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ

ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ

ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ

ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ

ᠦᠭᠡᠢ ᠰᠠᠶᠢᠲᠤᠷ ᠵᠠᠮᠨᠠᠵᠤ᠂ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ

ᠬᠡᠷᠡᠭᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ

ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠬᠡᠪᠡᠷ

ᠬᠥᠭᠵᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠢᠳᠡᠪᠬᠢᠲᠡᠢ ᠠᠬᠢᠭᠤᠯᠵᠤ᠂

︽ᠡᠯᠡᠰᠦ ᠮᠠᠩᠬᠠᠨ ᠳᠤ ᠲᠠᠯᠠᠢ ᠶᠢ ᠦᠵᠡᠬᠦ· ᠳᠤᠮᠳᠠᠳᠤ ᠤᠯᠤᠰ ᠤᠨ ᠦᠬᠠᠢ︾ ᠰᠣᠶᠣᠯ ᠵᠢᠭᠤᠯᠴᠢᠯᠠᠯ ᠤᠨ ᠲᠦᠷᠦᠯ

ᠲᠡᠮᠳᠡᠭ ᠢ ᠡᠭᠦᠳᠴᠦ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠯᠠᠪᠳᠠᠭᠤᠨ ᠪᠠᠲᠤᠲᠠᠢ ᠠᠯᠬᠤᠮ ᠢ ᠠᠯᠬᠤᠪᠠ᠃

ᠡᠭᠦᠨ ᠤ ᠬᠠᠮᠲᠤ᠂ ᠥᠪᠥᠷ ᠮᠣᠩᠭᠤᠯ ᠤᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠦᠬᠦᠷᠭᠡᠨ

ᠪᠠᠬᠢᠯᠡᠯᠲᠡ ᠶᠢ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠦᠢᠯᠡᠴᠢᠯᠡᠬᠦ ᠳᠤ

ᠠᠩᠬᠠᠷᠤᠯ ᠢᠶᠠᠨ ᠲᠥᠪᠯᠡᠷᠡᠭᠦᠯᠵᠦ᠂ ᠤᠮᠠᠷᠠᠰᠢ ᠨᠡᠭᠡᠭᠡᠯᠲᠡ ᠬᠢᠬᠦ ᠦᠷᠦᠴᠡ ᠭᠠᠵᠠᠷ ᠤᠨ ᠲᠤᠯᠭᠠᠭᠤᠷᠢᠯᠠᠯ ᠢᠶᠠᠨ

ᠦᠷᠭᠦᠯᠵᠢᠯᠡᠨ ᠴᠢᠩᠭᠠᠳᠬᠠᠵᠤ᠂ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢᠨ ᠰᠢᠰᠲ᠋ᠧᠮ ᠤᠨ ᠪᠠᠶᠢᠭᠤᠯᠤᠯᠲᠠ ᠪᠠᠨ

ᠲᠦᠷᠭᠡᠳᠬᠡᠵᠦ᠂ ᠭᠠᠳᠠᠭᠰᠢ ᠴᠢᠭᠯᠡᠭᠦᠯᠦᠭᠰᠡᠨ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠭᠠᠳᠠᠭᠠᠳᠤ

ᠠᠷᠠᠯᠵᠢᠶᠠᠨ ᠤ ᠵᠠᠬ᠎ᠠ ᠳᠡᠯᠭᠡᠭᠦᠷ ᠢ ᠪᠤᠶᠢᠵᠢᠭᠤᠯᠵᠤ᠂ ᠪᠠᠷᠠᠭᠠᠨ ᠤ ᠭᠦᠢᠯᠭᠡᠭᠡᠨ ᠤ ᠰᠢᠰᠲ᠋ᠧᠮ ᠢᠶᠠᠨ ᠲᠡᠭᠦᠯᠳᠡᠷᠵᠢᠭᠦᠯᠵᠦ᠂

ᠭᠠᠳᠠᠭᠠᠳᠤ ᠨᠡᠭᠡᠭᠡᠯᠲᠡ ᠶᠢᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠲᠠ ᠶᠢᠨ ᠬᠥᠭᠵᠢᠯᠲᠡ ᠶᠢ

ᠨᠠᠩ ᠠᠮᠢᠵᠢᠷᠠᠯ ᠤᠨ ᠬᠦᠴᠦᠨ ᠲᠠᠢ ᠪᠣᠯᠭᠠᠪᠠ᠃ ᠪᠧᠶ ᠬᠠᠶ ᠪᠣᠯᠤᠨ ᠦᠬᠠᠶ ᠬᠡᠳᠦ᠋ᠢᠪᠡᠷ ᠮᠢᠩᠭᠠᠨ ᠠᠭᠤᠯᠠ ᠲᠦᠮᠡᠨ

ᠤᠰᠤ ᠠᠯᠤᠰᠯᠠᠭᠰᠠᠨ ᠪᠣᠯᠪᠠᠴᠤ ᠣᠷᠣᠨ ᠪᠠᠶᠢᠷᠢ ᠶᠢᠨ ᠨᠥᠬᠦᠴᠡᠯ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ

ᠮᠠᠰᠢ ᠣᠯᠠᠨ ᠠᠳᠠᠯᠢᠪᠲᠤᠷ ᠪᠠ ᠬᠠᠷᠢᠯᠴᠠᠨ ᠨᠥᠬᠦᠪᠥᠷᠢᠯᠡᠬᠦ ᠭᠠᠵᠠᠷ ᠪᠠᠶᠢᠵᠤ᠂ ᠢᠯᠠᠩᠭᠤᠶ᠎ᠠ ᠤᠮᠠᠷᠠᠲᠤ ᠲᠠᠩᠭᠢᠰ ᠨᠢ

ᠭᠠᠳᠠᠭᠠᠳᠤ ᠠᠷᠠᠯᠵᠢᠶᠠᠨ ᠤ ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ ᠵᠡᠷᠭᠡ ᠲᠠᠯ᠎ᠠ ᠪᠠᠷ ᠮᠠᠰᠢ ᠣᠯᠠᠨ ᠰᠠᠶᠢᠨ

ᠲᠤᠷᠰᠢᠯᠭ᠎ᠠ ᠰᠠᠶᠢᠨ ᠠᠷᠭ᠎ᠠ ᠬᠢᠳᠡᠯ ᠲᠠᠢ ᠪᠠᠶᠢᠵᠤ᠂ ᠦᠬᠠᠶ ᠶᠢᠨ ᠲᠡᠮᠦᠷ ᠵᠠᠮ ᠤᠨ ᠲᠤᠰᠬᠠᠶ ᠱᠤᠭᠤᠮ ᠤᠨ ᠪᠥᠲᠥᠭᠡᠨ

ᠪᠠᠶᠢᠭᠤᠯᠤᠯᠲᠠ ᠶᠢ ᠳᠥᠯᠭᠢᠨ ᠠᠬᠢᠭᠤᠯᠬᠤ ᠳᠤ ᠴᠢᠬᠤᠯᠠ ᠶᠡᠭᠡ ᠲᠣᠯᠢᠯᠠᠬᠤ ᠠᠴᠢ ᠬᠤᠯᠪᠣᠭᠳᠠᠯ ᠲᠠᠢ ᠶᠤᠮ᠃ ᠬᠤᠶᠠᠷ

ᠲᠠᠯ᠎ᠠ ᠪᠠᠷ ᠢᠶᠠᠨ ᠲᠤᠰ ᠣᠳᠠᠭᠠᠨ ᠤ ᠵᠥᠪᠯᠡᠯᠴᠡᠭᠡᠷ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠰᠣᠯᠢᠯᠴᠠᠭ᠎ᠠ

ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂

ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ

ᠬᠥᠭᠵᠢᠯᠲᠡ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃

     ᠪᠸᠢ ᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠼᠠᠢ ᠶᠢᠨ ᠵᠢᠶᠦ᠋ᠨ᠂ ᠪᠸᠢ ᠬᠠᠢ ᠬᠤᠳᠠ ᠶᠢᠨ

ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠯᠢ ᠯᠢ ᠦᠬᠠᠢ ᠶᠢᠨ ᠰᠢᠨᠵᠢᠯᠡᠨ ᠪᠠᠶᠢᠴᠠᠭᠠᠬᠤ

ᠪᠦᠯᠬᠦᠮ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠲᠡᠳᠡ ᠬᠡᠯᠡᠭᠰᠡᠨ ᠨᠢ᠂ ᠤᠢᠢᠷ᠎ᠠ ᠶᠢᠨ ᠵᠢᠯ ᠠᠴᠠ

ᠨᠠᠰᠢ᠂ ᠪᠸᠢ ᠬᠠᠢ 2017 ᠣᠨ ᠤ 4 ᠰᠠᠷ᠎ᠠ ᠶᠢᠨ 19 ᠤ ᠡᠳᠦᠷ ᠰᠢ ᠶᠢᠨ ᠫᠢᠩ ᠶᠡᠷᠦᠩᠬᠡᠢ ᠱᠦᠵᠢ ᠶᠢᠨ ᠪᠸᠢ

ᠬᠠᠢ ᠳᠤ ᠰᠢᠨᠵᠢᠯᠡᠨ ᠪᠠᠶᠢᠴᠠᠭᠠᠬᠤ ᠦᠶ᠎ᠡ ᠳᠤ ᠲᠤᠷᠠᠳᠣᠭᠰᠠᠨ ︽ᠲᠠᠯᠠᠢ ᠳᠤ ᠴᠢᠭᠯᠡᠭᠦᠯᠦᠭᠰᠡᠨ ᠠᠵᠤ ᠠᠬᠤᠢ ᠶᠢ

ᠰᠠᠶᠢᠲᠤᠷ ᠬᠦᠭᠵᠢᠬᠦᠯᠵᠦ᠂ ᠰᠢᠨ᠎ᠡ ᠡᠷᠡᠨ ᠵᠠᠭᠤᠨ ᠤ ᠳᠠᠯᠠᠢ ᠳᠡᠭᠡᠷᠡᠬᠢ ᠲᠣᠷᠭᠠᠨ ᠵᠠᠮ ᠤᠨ ᠰᠢᠨ᠎ᠡ ᠬᠠᠭᠤᠳᠠᠰᠤ ᠶᠢ

ᠪᠢᠴᠢᠭᠯᠡᠬᠦ ᠬᠡᠷᠡᠭᠳᠡᠢ︾ ᠵᠡᠷᠭᠡ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠠᠯᠠᠢ ᠳᠤ

ᠴᠢᠭᠯᠡᠭᠦᠯᠦᠨ ᠬᠦᠴᠦᠷᠬᠡᠭᠵᠢᠬᠦ᠂ ᠨᠡᠭᠡᠭᠡᠯᠲᠡᠲᠡᠢ ᠬᠥᠭᠵᠢᠭᠦᠯᠬᠦ ᠶᠢ ᠪᠠᠷᠢᠮᠲᠠᠯᠠᠬᠤ᠂ ᠪᠣᠬᠢᠷᠲᠤᠯ ᠦᠭᠡᠢ ᠬᠢᠮᠢ ᠶᠢᠨ ᠠᠵᠤ

ᠦᠢᠯᠡᠳᠪᠦᠷᠢ᠂ ᠡᠯᠧᠺᠲᠷᠣᠨ ᠮᠡᠳᠡᠭᠡ ᠵᠠᠩᠭᠢ᠂ ᠴᠠᠬᠢᠭᠤᠷ ᠢᠶᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ᠂ ᠳᠡᠭᠡᠳᠦ

ᠲᠡᠰ ᠤᠨ ᠴᠠᠭᠠᠰᠤᠨ ᠦᠢᠯᠡᠰ᠂ ᠰᠢᠨ᠎ᠡ ᠮᠠᠲ᠋ᠧᠷᠢᠶᠠᠯ᠂ ᠡᠨᠧᠷᠭᠢ ᠶᠢᠨ ᠵᠢᠷᠭᠤᠭᠠᠨ ᠲᠤᠮᠤ ᠠᠵᠤ ᠦᠢᠯᠡᠳᠪᠦᠷᠢ ᠶᠢᠨ

ᠭᠤᠣᠯᠯᠠᠬᠤ ᠠᠵᠤ ᠦᠢᠯᠡᠰ ᠪᠣᠯᠤᠨ ᠠᠮᠢ ᠠᠬᠤᠢ ᠶᠢᠨ ᠬᠦᠩᠭᠡᠨ ᠴᠠᠭᠠᠨ᠂ ᠳᠠᠯᠠᠢ ᠶᠢᠨ ᠠᠵᠤ ᠦᠢᠯᠡᠳᠪᠦᠷᠢ ᠶᠢᠨ

ᠲᠣᠨᠣᠭᠯᠠᠯ ᠦᠢᠯᠡᠳᠬᠦ ᠵᠡᠷᠭᠡ ᠰᠢᠨ᠎ᠡ ᠬᠦᠷᠢᠶ᠎ᠡ ᠶᠢ ᠬᠦᠴᠦᠯᠡᠨ ᠪᠤᠶᠢᠵᠢᠭᠤᠯᠤᠨ ᠬᠥᠭᠵᠢᠭᠦᠯᠵᠦ᠂ ᠰᠤᠷᠭᠠᠨ ᠬᠥᠮᠦᠵᠢᠯ

ᠵᠡᠷᠭᠡ ᠡᠯ᠎ᠡ ᠵᠦᠢᠯ ᠤᠨ ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠵᠦ᠂ ︽ᠴᠢᠨᠠᠷ ᠰᠠᠶᠢᠲᠠᠢ ᠪᠸᠢ ᠬᠠᠢ᠂ ᠷᠢᠳᠢ

ᠰᠢᠳᠢ ᠲᠠᠢ ᠪᠸᠢ ᠬᠠᠢ︾ ᠶᠢ ᠲᠦᠷᠭᠡᠨ ᠪᠦᠳᠦᠭᠡᠨ ᠪᠠᠶᠢᠭᠤᠯᠵᠤ᠂ ᠪᠸᠢ ᠬᠠᠢ ᠶᠢᠨ ᠠᠷᠠᠳ ᠲᠦᠮᠡᠨ ᠢ ᠪᠸᠢ ᠬᠠᠢ ᠳᠤ

ᠨᠣᠲᠣᠭᠰᠢᠭᠰᠠᠨ ᠳᠠᠭᠠᠨ ᠣᠮᠣᠭᠰᠢᠯ ᠲᠠᠢ ᠪᠤᠯᠭᠠᠬᠤ ᠪᠠᠷ ᠴᠢᠷᠮᠠᠶᠢᠪᠠ᠃ ᠪᠸᠢ ᠬᠠᠢ ᠪᠣᠯᠤᠨ ᠦᠬᠠᠢ ᠴᠥᠮ ᠴᠢᠨᠠᠷ

ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠤᠶᠠᠷ ᠲᠠᠯ᠎ᠠ ᠪᠠᠷ ᠢᠶᠠᠨ ᠤᠯᠠᠨ ᠬᠦᠷᠢᠶᠡᠨ ᠳᠤ ᠥᠷᠭᠡᠨ

ᠠᠭᠤᠳᠠᠮ ᠬᠤᠷᠰᠢᠯᠴᠠᠭ᠎ᠠ ᠪᠠ ᠬᠠᠮᠲᠤᠷᠠᠯᠴᠠᠭᠠᠨ ᠤ ᠣᠷᠣᠨ ᠵᠠᠢ ᠲᠠᠢ ᠪᠠᠶᠢᠵᠤ᠂ ᠢᠷᠡᠭᠡᠳᠦᠢ ᠳᠤ ᠤᠯᠤᠯᠴᠠᠭ᠎ᠠ ᠪᠠᠨ

ᠴᠢᠩᠭᠠᠳᠬᠠᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠠᠵᠤ ᠠᠬᠤᠢ ᠪᠣᠯᠤᠨ ᠡᠯ᠎ᠡ

ᠵᠦᠢᠯ ᠤᠨ ᠨᠡᠶᠢᠭᠡᠮ ᠤᠨ ᠦᠢᠯᠡᠰ ᠤᠨ ᠦᠷᠭᠦᠯᠵᠢᠯᠡᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠶᠢ ᠬᠦᠰᠡᠵᠦ

ᠪᠠᠶᠢᠨ᠎ᠠ ᠭᠡᠵᠡᠢ᠃

     ᠱᠧᠨᠵᠧᠨ ᠬᠤᠳᠠ ᠳᠤ ᠲᠠᠩ ᠢ ᠨᠡᠷ ᠰᠲ᠋ᠠᠺ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ

ᠬᠦᠷᠴᠦ᠂ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ

ᠤᠢᠢᠯᠠᠭᠠᠭᠰᠠᠨ ᠪᠥᠭᠡᠳ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠬᠠᠮᠲᠤᠷᠠᠯᠴᠠᠭ᠎ᠠ ᠵᠡᠷᠭᠡ ᠶᠠᠪᠤᠳᠠᠯ ᠤᠨ

ᠲᠤᠬᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠠᠩ ᠢ

ᠬᠡᠯᠡᠭᠰᠡᠨ ᠨᠢ᠂ ᠦᠬᠠᠢ ᠶᠢᠨ ᠭᠠᠵᠠᠷ ᠵᠦᠢ ᠶᠢᠨ ᠪᠠᠶᠢᠷᠢᠰᠢᠯ ᠥᠪᠡᠷᠮᠢᠴᠡ᠂ ᠵᠠᠮ ᠬᠠᠷᠢᠯᠴᠠᠭᠠᠨ ᠤ ᠣᠷᠣᠨ ᠪᠠᠶᠢᠷᠢ

ᠳᠠᠪᠠᠭᠤᠯᠢᠭ᠂ ᠡᠯᠡᠰᠦᠨ ᠤ ᠡᠬᠢ ᠪᠠᠶᠠᠯᠢᠭ ᠡᠯᠪᠡᠭ ᠪᠠᠶᠢᠵᠤ᠂ ᠡᠯᠡᠰᠦ ᠮᠠᠩᠬ᠎ᠠ ᠪᠠᠷ ᠭᠤᠣᠯ ᠰᠡᠳᠦᠪ ᠪᠣᠯᠭᠠᠭᠰᠠᠨ

ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠳᠠᠯᠳᠠ ᠬᠦᠴᠦᠨ ᠯᠤᠲᠤ ᠶᠡᠭᠡ ᠪᠠᠶᠢᠨ᠎ᠠ᠃ ᠠᠵᠤ

ᠠᠬᠤᠶᠢᠯᠠᠯ ᠢ ᠴᠢᠩ ᠰᠡᠳᠬᠢᠯ ᠠᠴᠠ ᠪᠠᠨ ᠤᠷᠢᠵᠤ ︽ᠡᠯᠡᠰᠦ ᠮᠠᠩᠬᠠᠨ ᠳᠤ ᠲᠠᠯᠠᠢ ᠶᠢ ᠦᠵᠡᠬᠦ· ᠳᠤᠮᠳᠠᠳᠤ

ᠤᠯᠤᠰ ᠤᠨ ᠦᠬᠠᠶ︾ ᠶᠢᠨ ᠨᠠᠷᠠᠲᠤ ᠲᠡᠮᠳᠡᠭᠲᠦ ᠶᠢ ᠡᠭᠦᠳᠬᠦ ᠪᠠ ︽ᠳᠤᠮᠳᠠᠳᠤ ᠤᠯᠤᠰ ᠤᠨ ᠡᠯᠡᠰᠦᠨ ᠴᠦᠯ ᠤᠨ

ᠬᠡᠭᠡᠷᠡᠯᠡᠨ ᠠᠶᠠᠯᠠᠬᠤ ᠭᠠᠵᠠᠷ︾ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠤ᠂ ᠡᠯᠡᠰᠦᠨ ᠴᠦᠯ ᠤᠨ

ᠵᠢᠭᠤᠯᠴᠢᠯᠠᠯ ᠤᠨ ᠪᠥᠬᠦ ᠡᠯᠧᠮᠧᠨ᠋ᠲ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ

ᠪᠣᠶ ᠪᠣᠯᠭᠠᠵᠤ᠂ ᠣᠯᠠᠨ ᠡᠰᠢᠲᠦ ᠬᠡᠷᠡᠭᠯᠡᠭᠡᠨ ᠤ ᠪᠠᠶᠢᠳᠠᠯ ᠢ ᠪᠣᠶ ᠪᠣᠯᠭᠠᠵᠤ᠂ ᠡᠯᠡᠰᠦᠨ ᠴᠦᠯ ᠤᠨ ᠵᠢᠭᠤᠯᠴᠢᠯᠠᠯ ᠤᠨ

ᠵᠣᠷᠢᠭᠰᠠᠨ ᠭᠠᠵᠠᠷ ᠢ ᠭᠠᠷ ᠬᠤᠯᠪᠣᠨ ᠬᠠᠮᠲᠤ ᠪᠠᠷ ᠪᠥᠲᠥᠭᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠢ᠃

ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠤᠯᠤᠯᠴᠠᠭ᠎ᠠ

ᠵᠣᠯᠭᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ

ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ

ᠨᠡᠮᠡᠷᠢᠯᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃

     ᠡᠨᠡ ᠬᠤᠭᠤᠴᠠᠭᠠᠨ ᠳᠤ᠂ ᠲᠠᠩ ᠢ ᠨᠡᠷ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠱᠧᠨᠵᠧᠨ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠲᠤ ᠬᠦᠷᠴᠦ᠂ ᠤᠯᠤᠯᠴᠠᠭ᠎ᠠ

ᠵᠣᠯᠭᠠᠯᠴᠠᠭ᠎ᠠ ᠪᠠᠨ ᠴᠢᠩᠭᠠᠳᠬᠠᠬᠤ᠂ ᠠᠷᠠᠯᠵᠢᠶᠠᠴᠢᠨ ᠤᠷᠢᠬᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠵᠡᠷᠭᠡ

ᠶᠠᠪᠤᠳᠠᠯ ᠤᠨ ᠲᠤᠬᠠᠢ ᠶᠠᠷᠢᠯᠴᠠᠨ ᠰᠣᠯᠢᠯᠴᠠᠪᠠ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号