7 ᠰᠠᠷ᠎ᠠ ᠶᠢᠨ 16 ᠤ ᠡᠳᠦᠷ ᠤᠨ ᠤᠷᠤᠢ᠂ ᠪᠥᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠰᠢᠰᠲ᠋ᠧᠮ ᠤᠨ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠳᠠᠬᠢᠨ ᠨᠢᠭᠡ ᠰᠡᠳᠬᠢᠯ ᠨᠢᠭᠡ ᠵᠣᠷᠢᠭ ᠢᠶᠠᠷ | ᠰᠢᠨ᠎ᠡ ᠠᠶᠠᠨ ᠢᠶᠠᠨ ᠡᠬᠢᠯᠡᠭᠦᠯᠦᠶ᠎ᠡ︾ ᠭᠡᠬᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠬᠤᠲᠠ ᠶᠢᠨ ᠬᠠᠮ | ᠵᠠᠭᠤᠴᠢᠯᠠᠭᠤᠷ ᠤᠨ ᠲᠥᠪ ᠤᠨ ᠨᠡᠪᠲᠡᠷᠡᠭᠦᠯᠭᠡ ᠶᠢᠨ ᠲᠢᠩᠬᠢᠮ ᠳᠤ ᠶᠠᠪᠤᠭᠳᠠᠪᠠ᠃ ᠬᠤᠲᠠ ᠶᠢᠨ ᠤᠳᠤᠷᠢᠳᠤᠯᠭ᠎ᠠ ᠸᠠᠩ | ᠸᠧᠨ ᠵᠢᠶᠧ᠂ ᠰᠦᠨ ᠬᠤᠤ ᠨᠠᠷ ᠬᠤᠷᠠᠯ ᠳᠤ ᠣᠷᠣᠯᠴᠠᠭᠰᠠᠨ ᠪᠥᠭᠡᠳ ᠲᠣᠭᠯᠠᠯᠲᠠ ᠶᠢ ᠰᠣᠨᠢᠷᠬᠠᠪᠠ᠃ | ᠲᠣᠰ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠶᠢ ᠪᠥᠬᠦ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠰᠢᠰᠲ᠋ᠧᠮ ᠤᠨ ᠥᠪᠡᠷ ᠢᠶᠠᠨ ᠨᠠᠶᠢᠷᠠᠭᠤᠯᠵᠤ᠂ ᠥᠪᠡᠷ ᠢᠶᠠᠨ ᠵᠢᠯᠤᠭᠤᠳᠴᠣ᠂ ᠥᠪᠡᠷ ᠢᠶᠠᠨ ᠲᠣᠭᠯᠠᠵᠤ᠂ | ᠮᠠᠭᠲᠠᠭᠠᠯ ᠳᠠᠭᠤᠤ ᠶᠢ ᠬᠠᠩᠬᠢᠨᠠᠭᠤᠯᠵᠤ ᠬᠠᠮᠲᠤ ᠪᠠᠷ ᠪᠡᠯᠭᠡᠯᠡᠨᠡᠮ᠂ ᠦᠵᠡᠰᠬᠦᠯᠡᠩᠲᠦ ᠰᠠᠶᠢᠬᠠᠨ ᠦᠬᠠᠶ ᠠᠷᠠᠳᠤᠨ | ᠰᠡᠳᠬᠢᠯ ᠢ ᠨᠢᠭᠲᠠᠷᠠᠭᠤᠯᠤᠨᠠᠮ᠂ ᠳᠤᠮᠳᠠᠳᠤ ᠤᠯᠤᠰ ᠢᠶᠠᠨ ᠬᠠᠶᠢᠷᠠᠯᠠᠵᠤ ᠬᠠᠮᠲᠤ ᠪᠠᠷ ᠤᠷᠤᠭᠰᠢᠯᠠᠨᠠᠮ ᠵᠡᠷᠭᠡ 3 ᠪᠦᠯᠦᠭ | ᠬᠤᠪᠢᠶᠠᠪᠠ᠃ ᠤᠷᠠᠨ ᠰᠠᠶᠢᠬᠠᠨ ᠤ ᠲᠣᠭᠯᠠᠯᠲᠠ ᠨᠢ ᠳᠠᠭᠤᠤ ᠪᠥᠵᠢᠭ ︽ᠡᠶ᠎ᠡ ᠵᠣᠬᠢᠴᠠᠩᠭᠤᠶ ᠬᠥᠭᠵᠢᠮᠤᠨ ᠪᠠᠳᠠᠭ︾ | ᠤᠨ ᠳᠤᠮᠳᠠ ᠬᠥᠰᠢᠭᠡ ᠪᠠᠨ ᠰᠡᠬᠦᠵᠦ᠂ ᠦᠯᠢᠶᠡᠬᠦᠷ ᠬᠦᠭᠵᠢᠮ ︽ᠲᠠᠯ᠎ᠠ ᠨᠤᠲᠤᠭᠤᠨ ᠰᠥᠨᠢᠶᠢᠨ ᠦᠵᠡᠮᠵᠢ ᠰᠠᠶᠢᠬᠠᠨ︾᠂ | ᠡᠷᠲᠡᠨ ᠤ ᠶᠠᠲᠤᠭ᠎ᠠ ᠬᠢᠭᠡᠳ ᠤᠷᠠᠨ ᠪᠢᠴᠢᠯᠭᠡ ᠶᠢᠨ ᠪᠥᠵᠢᠭ ︽ᠪᠡᠭᠡ ᠶᠢᠨ ᠦᠨᠦᠷᠲᠤ ᠢᠷᠠᠭᠤ ᠠᠶᠢᠵᠠᠮ︾᠂ ᠣᠷᠠᠨ | ᠣᠩᠰᠢᠯᠭ᠎ᠠ ︽ᠮᠠᠨ ᠤ ᠬᠦᠰᠡᠯ︾ ᠵᠡᠷᠭᠡ ᠲᠣᠭᠯᠠᠯᠲᠠ ᠨᠢ ᠭᠤᠶᠢᠳᠠ ᠰᠠᠶᠢᠬᠠᠨ ᠶᠠᠪᠤᠭᠳᠠᠵᠤ᠂ ᠤᠷᠠᠨ ᠰᠠᠶᠢᠬᠠᠨ ᠤ | ᠲᠣᠭᠯᠠᠯᠲᠠ ᠨᠢ ᠲᠣᠭᠯᠠᠭᠴᠢᠳ ᠪᠣᠯᠤᠨ ᠦᠵᠡᠭᠴᠢᠳ ᠤᠨ ᠬᠠᠮᠲᠤ ᠶᠢᠨ ᠬᠠᠩᠭᠢᠨᠠᠮ᠎ᠠ ᠳᠠᠭᠤᠤ ᠶᠢᠨ ᠳᠤᠮᠳᠠ | ᠥᠨᠳᠥᠷᠯᠡᠪᠡ᠃ | ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠠᠪᠤᠭᠳᠠᠭᠰᠠᠨ ᠨᠢ ᠪᠦᠬᠦ ᠬᠤᠳᠠ ᠶᠢᠨ ᠤᠯᠤᠰ ᠲᠦᠷᠦ ᠶᠢᠨ | ᠵᠥᠪᠯᠡᠯᠭᠡᠨ ᠤ ᠰᠢᠰᠲ᠋ᠧᠮ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠴᠢᠩ ᠦᠨᠡᠨᠴᠢ ᠰᠡᠳᠬᠢᠯᠭᠡ | ᠪᠣᠯᠤᠨ ᠬᠦᠰᠡᠯ ᠵᠡᠭᠦᠳᠦ ᠪᠠᠨ ᠬᠥᠭᠡᠭᠡᠴᠡᠯᠳᠦᠬᠦ᠂ ᠡᠷᠡᠯᠬᠡᠭᠯᠡᠨ ᠲᠡᠮᠡᠴᠡᠬᠦ ᠠᠵᠢᠯ ᠤᠨ ᠬᠠᠯᠠᠭᠤᠨ ᠰᠡᠳᠬᠢᠯᠭᠡ ᠶᠢ ᠤᠯᠠᠮ | ᠴᠢᠨᠠᠭᠰᠢᠳᠠ ᠬᠥᠭᠵᠢᠭᠡᠵᠦ᠂ ᠡᠷᠡᠭᠦᠯ ᠥᠭᠡᠳᠡᠷᠬᠡᠭ ᠡᠶ᠎ᠡ ᠵᠣᠬᠢᠴᠠᠩᠭᠤᠢ ᠪᠠᠷ ᠡᠷᠡᠯᠬᠡᠭᠯᠡᠨ ᠤᠷᠤᠭᠰᠢᠯᠠᠬᠤ ᠠᠭᠤᠷ | ᠠᠮᠢᠰᠬᠤᠯ ᠢ ᠪᠤᠢ ᠪᠣᠯᠭᠠᠪᠠ᠃ ᠪᠥᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠦᠷᠭᠦᠯᠵᠢᠯᠡᠨ | ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠦᠨᠡᠨᠴᠢ ᠰᠢᠳᠤᠷᠭᠤ ᠪᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠶ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠤᠯᠤᠨ᠎ᠠ᠃ |