ᠪᠥᠬᠦ ᠣᠷᠣᠨ ᠤ ︽ᠦᠢᠯᠡᠳᠬᠡᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠤ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠤᠶ᠎ᠠ︾ ᠭᠡᠬᠦ ᠤᠬᠠᠭᠤᠯᠤᠨ ᠲᠤᠤᠱᠯᠠᠭᠤᠯᠬᠤ ᠪᠣᠯᠪᠠᠰᠤᠷᠠᠯ ᠤᠨ ᠬᠤᠷᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/18
     7 ᠰᠠᠷ᠎ᠠ ᠶᠢᠨ 16 ᠤ ᠡᠳᠦᠷ᠂ ᠪᠥᠬᠦ ᠣᠷᠣᠨ ᠤ ︽ᠦᠢᠯᠡᠳᠬᠡᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠤ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠤᠶ᠎ᠠ︾ ᠭᠡᠬᠦ ᠤᠬᠠᠭᠤᠯᠤᠨ ᠲᠤᠤᠱᠯᠠᠭᠤᠯᠬᠤ ᠪᠣᠯᠪᠠᠰᠤᠷᠠᠯ ᠤᠨ ᠬᠤᠷᠠᠯ ᠮᠠᠨ ᠤ ᠬᠤᠲᠠ ᠳᠤ ᠶᠠᠪᠤᠭᠳᠠᠪᠠ᠃      ᠪᠣᠯᠪᠠᠰᠤᠷᠠᠯ ᠤᠨ ᠬᠤᠷᠠᠯ ᠨᠢ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ᠤᠷᠢᠵᠤ ᠲᠣᠰ ᠲᠣᠰ ᠪᠥᠬᠦ ᠤᠯᠤᠰ ᠤᠨ ᠶᠠᠰᠤ ᠴᠢᠨᠠᠷ ᠤᠨ ᠬᠡᠪ ᠳᠠᠭᠤᠷᠢᠶᠠᠯ ᠢ ᠭᠤᠶᠤᠴᠢᠯᠠᠨ ᠮᠡᠳᠡᠭᠦᠯᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠶᠠᠰᠤ ᠴᠢᠨᠠᠷ ᠢ ᠳᠡᠭᠡᠭᠰᠢᠯᠡᠭᠦᠯᠬᠦ ᠪᠠ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ᠂ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠲᠤᠰᠬᠠᠶ ᠰᠡᠳᠦᠪ ᠢᠶᠠᠷ ᠬᠢᠴᠢᠶᠡᠯᠯᠡᠭᠦᠯᠦᠨ᠂ ᠠᠵᠤ ᠠᠬᠤᠶᠢᠯᠠᠯ ᠤᠨ ᠶᠠᠰᠤ ᠴᠢᠨᠠᠷ ᠤᠨ ᠬᠡᠪ ᠳᠠᠭᠤᠷᠢᠶᠠᠯ ᠤᠨ ᠠᠮᠵᠢᠯᠲᠠ ᠶᠢᠨ ᠨᠣᠷᠮ᠎ᠠ ᠶᠢ ᠳᠡᠭᠡᠭᠰᠢᠯᠡᠭᠦᠯᠬᠦ᠂ ᠶᠠᠰᠤ ᠴᠢᠨᠠᠷ ᠤᠨ ᠬᠥᠭᠵᠢᠯᠲᠡ ᠶᠢᠨ ᠪᠣᠬᠢᠷᠲᠤᠯ ᠥᠬᠡᠶ ᠤᠳᠤᠷᠢᠳᠤᠮᠵᠢ ᠶᠢ ᠪᠣᠶ ᠪᠣᠯᠭᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠶᠢᠨ ᠴᠢᠳᠠᠪᠤᠷᠢ ᠶᠢ ᠨᠡᠮᠡᠭᠳᠡᠭᠦᠯᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃      ᠲᠣᠰ ᠤᠳᠠᠭᠠᠨ ᠤ ᠪᠣᠯᠪᠠᠰᠤᠷᠠᠯ ᠢ ᠰᠦᠯᠵᠢᠶᠡᠨ ᠭᠠᠳᠠᠨᠠᠬᠢ ᠲᠤᠬᠠᠶ ᠶᠢᠨ ᠲᠠᠯᠠᠪᠠᠶ ᠶᠢᠨ ᠬᠤᠷᠠᠯ ᠪᠠ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠶᠢ ᠤᠶᠠᠯᠳᠤᠭᠤᠯᠬᠤ ᠬᠡᠯᠪᠡᠷᠢ ᠪᠠᠷ ᠥᠷᠨᠢᠭᠦᠯᠵᠦ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠪᠥᠬᠦ ᠣᠷᠣᠨ ᠤ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠤᠨ ᠲᠥᠯᠥᠭᠡᠯᠡᠭᠴᠢ ᠨᠡᠶᠢᠲᠡ 700 ᠭᠠᠷᠤᠶ ᠬᠥᠮᠦᠨ ᠣᠷᠣᠯᠴᠠᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号