2024 ᠣᠨ ᠤ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠬᠠᠭᠠᠰ ᠵᠠᠶᠢᠲᠤ ᠮᠠᠷᠠᠽᠤᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠤᠳᠠᠯ ᠥᠬᠡᠶ ᠡᠬᠢᠯᠡᠬᠦ ᠭᠡᠵᠦ ᠪᠠᠶᠢᠨ᠎ᠠ
ᠨᠡᠶᠢᠲᠡᠯᠡᠭᠰᠡᠨ ᠴᠠᠭ᠄
2024/7/19
     7 ᠰᠠᠷ᠎ᠠ ᠶᠢᠨ 21 ᠤ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠬᠠᠭᠠᠰ ᠵᠠᠶᠢᠲᠤ ᠮᠠᠷᠠᠽᠤᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠮᠠᠨ ᠤ ᠬᠤᠲᠠ ᠳᠤ ᠡᠬᠢᠯᠡᠬᠦ ᠪᠣᠯᠤᠨ᠎ᠠ᠃      ᠲᠣᠰ ᠤᠳᠠᠭᠠᠨ ᠤ ᠤᠷᠤᠯᠳᠤᠭᠠᠨ ᠳᠤ ᠪᠥᠬᠦ ᠣᠷᠣᠨ ᠤ ᠡᠯ᠎ᠡ ᠠᠶᠢᠮᠠᠭ ᠬᠤᠲᠠ ᠠᠴᠠ ᠢᠷᠡᠭᠰᠡᠨ 200 ᠭᠠᠷᠤᠶ ᠲᠠᠮᠢᠷᠴᠢᠨ ᠣᠷᠣᠯᠴᠠᠬᠤ ᠪᠤᠯᠤᠨ᠎ᠠ᠃ ᠤᠷᠤᠯᠳᠤᠭᠠᠨ ᠨᠢ U20᠂ U18᠂ U16᠂ ᠪᠠᠭ᠎ᠠ ᠰᠤᠷᠭᠠᠭᠤᠯᠢ ᠶᠢᠨ ᠡᠷᠡᠭᠲᠡᠶ᠂ ᠡᠮᠡᠭᠲᠡᠶ ᠶᠢᠨ ᠳᠤᠭᠤᠶᠢᠯᠠᠩ ᠵᠡᠷᠭᠡ ᠶᠢ ᠲᠣᠬᠢᠷᠠᠭᠤᠯᠤᠨ᠎ᠠ᠃ ᠡᠭᠦᠨ ᠳᠤ᠂ U20 ᠡᠷᠡᠭᠲᠡᠶ᠂ ᠡᠮᠡᠭᠲᠡᠶ ᠶᠢᠨ ᠳᠤᠭᠤᠶᠢᠯᠠᠩ ᠳᠤ ᠬᠠᠭᠠᠰ ᠵᠠᠶᠢᠲᠤ ᠮᠠᠷᠠᠽᠤᠨ ᠤ ᠪᠦᠯᠬᠦᠮ᠂ ᠬᠤᠪᠢ ᠬᠥᠮᠦᠨ ᠤ ᠤᠷᠤᠯᠳᠤᠭᠠᠨ ᠲᠣᠬᠢᠷᠠᠭᠤᠯᠵᠤ᠂ U18 ᠡᠷᠡᠭᠲᠡᠶ᠂ ᠡᠮᠡᠭᠲᠡᠶ ᠶᠢᠨ ᠳᠤᠭᠤᠶᠢᠯᠠᠩ ᠳᠤ ᠬᠠᠭᠠᠰ ᠵᠠᠶᠢᠲᠠᠶ ᠮᠠᠷᠠᠽᠤᠨ ᠤ ᠪᠤᠤᠬᠢᠶ᠎ᠠ ᠣᠷᠣᠯᠳᠣᠭᠠᠨ ︵5 ᠺᠢᠯᠣᠮᠧᠲᠷ᠂ 5 ᠺᠢᠯᠣᠮᠧᠲᠷ᠂ 5 ᠺᠢᠯᠣᠮᠧᠲᠷ᠂ 6.0975 ᠺᠢᠯᠣᠮᠧᠲᠷ︶᠂ ᠵᠠᠰᠠᠮᠠᠯ ᠵᠠᠮ ᠤᠨ 10 ᠺᠢᠯᠣᠮᠧᠲᠷ ᠤᠨ ᠬᠤᠪᠢ ᠬᠦᠮᠦᠨ ᠤ ᠤᠷᠤᠯᠳᠤᠭᠠᠨ ᠲᠣᠬᠢᠷᠠᠭᠤᠯᠤᠨ᠎ᠠ︔ U16 ᠡᠷᠡᠭᠲᠡᠶ᠂ ᠡᠮᠡᠭᠲᠡᠶ ᠶᠢᠨ ᠳᠤᠭᠤᠶᠢᠯᠠᠩ ᠳᠤ 5 ᠺᠢᠯᠤᠮᠧᠲᠷ ᠤᠨ ᠬᠤᠪᠢ ᠬᠦᠮᠦᠨ ᠤ ᠤᠷᠤᠯᠳᠤᠭᠠᠨ ᠲᠣᠬᠢᠷᠠᠭᠤᠯᠤᠨ᠎ᠠ︔ ᠪᠠᠭ᠎ᠠ ᠰᠤᠷᠭᠠᠭᠤᠯᠢ ᠶᠢᠨ ᠡᠷᠡᠭᠲᠡᠶ᠂ ᠡᠮᠡᠭᠲᠡᠶ ᠶᠢᠨ ᠳᠤᠭᠤᠶᠢᠯᠠᠩ ᠳᠤ 5× 1 ᠺᠢᠯᠤᠮᠧᠲᠷ ᠤᠨ ᠪᠤᠤᠬᠢᠶ᠎ᠠ ᠤᠷᠤᠯᠳᠤᠭᠠᠨ ᠲᠣᠬᠢᠷᠠᠭᠤᠯᠤᠨ᠎ᠠ᠃ ᠤᠷᠤᠯᠳᠤᠭᠠᠨ ᠤ ᠡᠬᠢᠯᠡᠯᠲᠡ ᠶᠢᠨ ᠴᠢᠭ ᠨᠢ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠰᠣᠯᠣᠩᠭ᠎ᠠ ᠵᠡᠭᠡᠯᠢ ᠳᠤ ᠪᠠᠶᠢᠷᠢᠯᠠᠵᠤ᠂ ᠵᠠᠮ ᠳᠠᠭᠠᠤ ᠭᠤᠶᠢᠳᠠ ᠰᠠᠶᠢᠬᠠᠨ ᠦᠬᠠᠢ ᠨᠠᠭᠤᠷ᠂ ᠦᠬᠠᠢ ᠶᠢᠨ ᠡᠯᠡᠰᠦᠨ ᠲᠠᠩ ᠤᠨ ᠠᠯᠠᠭᠠᠳᠠᠬᠤ ᠪᠥᠮᠪᠦᠭᠡ ᠶᠢᠨ ᠲᠠᠯᠠᠪᠠᠢ ᠵᠡᠷᠭᠡ ᠭᠠᠵᠠᠷ ᠢᠶᠠᠷ ᠥᠩᠭᠡᠷᠡᠨ᠎ᠡ᠃      ᠤᠷᠤᠯᠳᠤᠭᠠᠨ ᠤ ᠶᠠᠪᠤᠳᠠᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠢᠳᠡᠪᠬᠢᠲᠡᠶ ᠥᠷᠨᠢᠭᠦᠯᠵᠦ᠂ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ᠂ ᠤᠷᠤᠯᠳᠤᠭᠠᠨ ᠤ ᠠᠵᠢᠯ ᠤᠨ ᠳᠤᠭᠤᠶᠢᠯᠠᠩ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠳᠤᠭᠤᠶᠢᠯᠠᠩ᠂ ᠡᠮᠴᠢᠯᠡᠭᠡᠨ ᠤ ᠠᠪᠤᠷᠠᠨ ᠲᠤᠰᠠᠯᠠᠬᠤ ᠳᠤᠭᠤᠶᠢᠯᠠᠩ ᠵᠡᠷᠭᠡ ᠶᠢ ᠪᠠᠶᠢᠭᠤᠯᠵᠤ᠂ ᠢᠳᠡᠵᠦ ᠤᠤᠭᠤᠬᠤ ᠬᠤᠨᠤᠵᠤ ᠬᠡᠪᠲᠡᠬᠦ᠂ ᠵᠠᠮ ᠬᠠᠷᠢᠯᠴᠠᠭ᠎ᠠ ᠶᠢ ᠰᠢᠯᠤᠭᠤᠳᠬᠠᠬᠤ᠂ ᠡᠮᠴᠢᠯᠡᠭᠡᠨ ᠤ ᠠᠪᠤᠷᠠᠨ ᠲᠤᠰᠠᠯᠠᠬᠤ᠂ ᠠᠮᠤᠷ ᠲᠦᠪᠰᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠠᠵᠢᠯ ᠤᠨ ᠲᠥᠰᠦᠯ ᠲᠣᠭᠲᠠᠭᠠᠵᠤ᠂ ᠤᠷᠤᠯᠳᠤᠭᠠᠨ ᠢ ᠵᠣᠬᠢᠶᠠᠨ ᠪᠠᠶᠢᠭᠤᠯᠬᠤ᠂ ᠠᠷᠤ ᠲᠠᠯ᠎ᠠ ᠶᠢᠨ ᠦᠢᠯᠡᠴᠢᠯᠡᠭᠡᠨ ᠤ ᠭᠥᠯᠢᠶᠡᠨ ᠠᠪᠬᠤ᠂ ᠤᠷᠤᠯᠳᠤᠭᠠᠨ ᠶᠠᠪᠤᠭᠳᠠᠭᠤᠯᠬᠤ᠂ ᠲᠠᠯᠠᠪᠤᠷ ᠭᠠᠵᠠᠷ ᠢ ᠬᠠᠮᠵᠢᠯᠴᠠᠬᠤ ᠵᠡᠷᠭᠡ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠪᠠᠷ ᠪᠡᠯᠡᠳᠭᠡᠵᠦ ᠪᠤᠢ᠃      ᠲᠣᠰ ᠤᠳᠠᠭᠠᠨ ᠤ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠥᠪ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠳᠠᠭᠠᠭᠠᠴᠢᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠬᠥᠩᠭᠡᠨ ᠪᠡᠶ᠎ᠡ ᠶᠢᠨ ᠲᠠᠮᠢᠷ ᠪᠠ ᠤᠰᠤᠨ ᠳᠡᠭᠡᠷᠡᠬᠢ ᠲᠠᠮᠢᠷ ᠤᠨ ᠬᠥᠳᠡᠯᠭᠡᠭᠡᠨ ᠤ ᠲᠥᠪ᠂ ᠬᠤᠲᠠ ᠶᠢᠨ ᠡᠪᠯᠡᠯ ᠤᠨ ᠬᠤᠷᠢᠶ᠎ᠠ ᠬᠠᠮᠵᠢᠯᠴᠠᠨ ᠡᠷᠭᠢᠯᠡᠬᠦ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号