2024 ᠣᠨ ᠤ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠠᠯᠬᠤᠭ᠎ᠠ ᠤᠷᠤᠯᠳᠤᠭᠠᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠮᠠᠨ ᠤ ᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2024/7/19
   7 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠵᠠᠯᠠᠭᠤᠴᠤᠳ ᠪᠠᠭᠠᠴᠤᠳ ᠤᠨ ᠠᠯᠬᠤᠭ᠎ᠠ ᠣᠷᠣᠯᠳᠣᠭᠠᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠮᠠᠨ ᠤ ᠬᠤᠲᠠ ᠳᠤ ᠡᠭᠢᠯᠡᠪᠡ᠃    7 ᠴᠠᠭ ᠲᠤ᠂ ᠳᠣᠬᠢᠶᠠᠨ ᠫᠤᠤ ᠳᠤᠤᠭᠠᠷᠬᠤ ᠶᠢ ᠳᠠᠭᠠᠯᠳᠤᠨ᠂ ᠤᠷᠤᠯᠳᠤᠭᠠᠨ ᠵᠢᠩᠬᠢᠨᠢ ᠪᠠᠷ ᠡᠬᠢᠯᠡᠵᠦ᠂ ᠡᠷᠡᠭᠲᠡᠶ ᠶᠢᠨ U20 ᠲᠤᠭᠤᠶᠢᠯᠠᠩ ᠤᠨ 20 ᠺᠢᠯᠤᠮᠧᠲᠷ ᠤᠨ ᠠᠯᠬᠤᠭ᠎ᠠ ᠣᠷᠣᠯᠳᠣᠭᠠᠨ ᠤ ᠬᠤᠪᠢ ᠬᠥᠮᠦᠨ ᠤ ᠣᠷᠣᠯᠳᠣᠭᠠᠨ᠂ ᠡᠮᠡᠭᠲᠡᠶ ᠶᠢᠨ U20 ᠲᠤᠭᠤᠶᠢᠯᠠᠩ ᠤᠨ 20 ᠺᠢᠯᠤᠮᠧᠲᠷ ᠤᠨ ᠠᠯᠬᠤᠭ᠎ᠠ ᠣᠷᠣᠯᠳᠣᠭᠠᠨ ᠤ ᠬᠤᠪᠢ ᠬᠥᠮᠦᠨ ᠤ ᠣᠷᠣᠯᠳᠣᠭᠠᠨ᠂ ᠡᠷᠡᠭᠲᠡᠶ ᠶᠢᠨ U20 ᠲᠤᠭᠤᠶᠢᠯᠠᠩ ᠤᠨ 20 ᠺᠢᠯᠤᠮᠧᠲᠷ ᠤᠨ ᠠᠯᠬᠤᠭ᠎ᠠ ᠣᠷᠣᠯᠳᠣᠭᠠᠨ  ᠤ ᠪᠦᠯᠬᠦᠮ ᠤᠨ ᠣᠷᠣᠯᠳᠣᠭᠠᠨ ᠵᠡᠷᠭᠡ ᠭᠤᠷᠪᠠᠨ ᠤᠷᠤᠯᠳᠤᠭᠠᠨ ᠤ ᠲᠥᠷᠥᠯ ᠵᠦᠢᠯ ᠵᠡᠷᠭᠡᠪᠡᠷ ᠡᠬᠢᠯᠡᠵᠦ᠂ ᠠᠯᠬᠤᠭ᠎ᠠ ᠣᠷᠣᠯᠳᠣᠭᠠᠨ ᠤ ᠲᠠᠮᠢᠷᠴᠢᠳ ᠰᠠᠯᠬᠢ ᠰᠥᠷᠦᠨ ᠤᠷᠤᠭᠰᠢᠯᠠᠵᠤ᠂ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠰᠣᠯᠣᠩᠭ᠎ᠠ ᠵᠡᠭᠡᠯᠢ ᠪᠠᠷ ᠨᠠᠰᠢ ᠴᠠᠰᠢ ᠰᠦᠯᠵᠢᠯᠳᠦᠵᠦ᠂ ᠨᠢᠭᠡ ᠵᠠᠮ ᠢᠯᠭᠤᠮ ᠤᠷᠤᠭᠰᠢᠲᠠᠶ ᠠᠶᠠᠯᠠᠪᠠ᠃ ᠲᠠᠮᠢᠷᠴᠢᠳ ᠢᠳᠡᠷᠡᠭᠦᠨ ᠳᠣᠷᠪᠢᠲᠠᠶ᠂ ᠠᠯᠬᠤᠭ᠎ᠠ ᠪᠠᠲᠤ ᠴᠢᠩᠭ᠎ᠠ ᠪᠠᠶᠢᠵᠤ᠂ ᠨᠢᠭᠡ ᠤᠳᠠᠭᠠᠨ ᠤ ᠣᠨᠴᠠᠭᠠᠶ ᠷᠢᠳᠢ ᠰᠢᠳᠢ ᠶᠢ ᠢᠯᠡᠷᠡᠭᠦᠯᠪᠡ᠃    ᠡᠷᠡᠭᠲᠡᠢ ᠶᠢᠨ U20 ᠲᠤᠭᠤᠶᠢᠯᠠᠩ ᠤᠨ 20 ᠺᠢᠯᠣᠮᠧᠲᠷ ᠤᠨ ᠠᠯᠬᠤᠭ᠎ᠠ ᠤᠷᠤᠯᠳᠤᠭᠠᠨ ᠤ ᠬᠤᠪᠢ ᠬᠥᠮᠦᠨ ᠤ ᠤᠷᠤᠯᠳᠤᠭᠠᠨ ᠤ ᠲᠥᠷᠥᠯ ᠵᠦᠢᠯ ᠳᠤ᠂ ᠮᠠᠨ ᠤ ᠬᠤᠲᠠ ᠶᠢᠨ ᠲᠠᠮᠢᠷᠴᠢᠨ ᠵᠠᠩ ᠪᠦᠸᠧ ᠢᠦᠢ ᠲᠡᠳ᠋ᠯᠡᠪᠡ᠃ ︽ᠡᠨᠡ ᠣᠳᠠᠭᠠᠨ ᠤ ᠤᠷᠤᠯᠳᠤᠭᠠᠨ ᠤ ᠵᠠᠮ ᠮᠠᠰᠢ ᠰᠠᠶᠢᠨ᠂ ᠮᠠᠰᠢ ᠬᠡᠪ ᠤᠨ ᠪᠠᠶᠢᠳᠠᠯ ᠲᠠᠢ ᠪᠠᠶᠢᠨ᠎ᠠ᠂ ᠪᠢ ᠦᠪᠡᠷ ᠤᠨ ᠬᠢᠷᠢ ᠪᠦᠲᠦᠮᠵᠢ ᠳᠡᠭᠡᠨ ᠪᠠᠰᠠ ᠮᠠᠰᠢ ᠬᠠᠨᠤᠮᠵᠢᠲᠠᠶ ᠪᠠᠶᠢᠨ᠎ᠠ᠂ ᠬᠤᠶᠢᠰᠢᠳᠠ ᠶᠢᠨ ᠪᠣᠯᠪᠠᠰᠤᠷᠠᠯ ᠳᠤ ᠦᠷᠭᠦᠯᠵᠢᠯᠡᠨ ᠬᠦᠴᠦ ᠤᠷᠣᠭᠤᠯᠵᠣ᠂ ᠨᠠᠩ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠨ᠎ᠠ︾ ᠭᠡᠵᠦ ᠵᠠᠩ ᠪᠥᠸᠧ ᠢᠦᠢ ᠬᠡᠯᠡᠪᠡ᠃    ᠲᠣᠰ ᠤᠳᠠᠭᠠᠨ ᠤ ᠤᠷᠤᠯᠳᠤᠭᠠᠨ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠥᠬᠦ ᠣᠷᠣᠨ ᠤ ᠡᠯ᠎ᠡ ᠠᠶᠢᠮᠠᠭ ᠬᠤᠲᠠ ᠠᠴᠠ ᠢᠷᠡᠭᠰᠡᠨ 270 ᠭᠠᠷᠤᠶ ᠲᠠᠮᠢᠷᠴᠢᠨ ᠤᠷᠤᠯᠳᠤᠭᠠᠨ ᠳᠤ ᠣᠷᠣᠯᠴᠠᠵᠤ᠂ ︽ᠡᠯᠡᠰᠦᠨ ᠴᠦᠯ ᠳᠤ ᠲᠡᠯᠡᠶ ᠶᠢ ᠦᠵᠡᠬᠦ· ᠳᠤᠮᠳᠠᠳᠤ ᠤᠯᠤᠰ ᠤᠨ ᠦᠬᠠᠶ︾ ᠶᠢᠨ ᠬᠤᠲᠠ ᠶᠢᠨ ᠨᠠᠷᠠᠲᠤ ᠲᠡᠮᠳᠡᠭ ᠪᠠ ᠠᠯᠳᠠᠷᠰᠢᠯ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号