ᠪᠥᠬᠦ ᠣᠷᠣᠨ ᠤ ᠠᠵᠤ ᠦᠢᠯᠡᠳᠪᠦᠷᠢ ᠶᠢᠨ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠬᠤ ᠵᠢᠴᠢ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠬᠤᠷᠠᠯ ︵ᠦᠬᠠᠶ ᠶᠢᠨ ᠬᠤᠪᠢᠶᠠᠷᠢ ᠲᠠᠯᠠᠪᠠᠢ︶ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/19
     7 ᠰᠠᠷ᠎ᠠ ᠶᠢᠨ 18 ᠤ ᠡᠳᠦᠷ᠂ ᠪᠥᠬᠦ ᠣᠷᠣᠨ ᠤ ᠠᠵᠤ ᠦᠢᠯᠡᠳᠪᠦᠷᠢ ᠶᠢᠨ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠬᠤ ᠵᠢᠴᠢ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠬᠤᠷᠠᠯ ︵ᠦᠬᠠᠶ ᠶᠢᠨ ᠬᠤᠪᠢᠶᠠᠷᠢ ᠲᠠᠯᠠᠪᠠᠶ︶ ᠮᠠᠨ ᠤ ᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᠭᠤᠸᠠᠩ ᠱᠸᠡᠭ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠸᠠᠩ ᠵᠢᠶ ᠫᠢᠩ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃      ᠲᠣᠰ ᠤᠳᠠᠭᠠᠨ ᠤ ᠠᠵᠢᠯᠯᠠᠭ᠎ᠠ ᠨᠢ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠪᠠ ᠠᠵᠤ ᠦᠢᠯᠡᠳᠪᠦᠷᠢ ᠶᠢᠨ ᠬᠦᠷᠢᠶᠡᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠᠷ ᠳᠠᠮᠵᠢᠭᠤᠯᠤᠨ᠂ ᠬᠠᠩᠭᠠᠯᠭ᠎ᠠ ᠬᠡᠷᠡᠭᠴᠡᠭᠡ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠳᠤ ᠠᠵᠤ ᠦᠢᠯᠡᠳᠪᠦᠷᠢ ᠶᠢᠨ ᠬᠦᠷᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠣᠶᠢᠯᠠᠭᠠᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠥᠬᠦᠭᠡᠷᠦᠮᠵᠢ ᠶᠢᠨ ᠰᠢᠨᠡᠴᠢᠯᠡᠯᠲᠡ ᠪᠠ ᠮᠡᠷᠭᠡᠵᠢᠯ ᠤᠨ ᠥᠭᠡᠷᠡᠴᠢᠯᠡᠯᠲᠡ ᠳᠤ ᠣᠷᠣᠯᠴᠠᠬᠤ ᠶᠢ ᠢᠳᠡᠪᠬᠢᠲᠡᠶ ᠠᠬᠢᠭᠤᠯᠵᠤ᠂ ᠦᠢᠯᠡᠳᠪᠦᠷᠢᠯᠡᠯ ᠤᠨ ᠥᠪᠡᠷ ᠤᠨ ᠥᠷᠲᠡᠭ ᠢᠶᠠᠨ ᠪᠠᠭᠤᠷᠠᠭᠤᠯᠤᠨ᠂ ᠵᠠᠬ᠎ᠠ ᠳᠡᠯᠭᠡᠭᠦᠷ ᠢᠶᠠᠨ ᠤᠯᠠᠮ ᠨᠢᠭᠡ ᠠᠯᠬᠤᠮ ᠥᠷᠭᠡᠳᠬᠡᠵᠦ᠂ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠬᠠᠮᠲᠤ ᠪᠠᠷ ᠡᠷᠢᠯᠬᠢᠯᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠪᠠ᠃      ᠠᠵᠢᠯᠯᠠᠭ᠎ᠠ ᠶᠢᠨ ᠳᠤᠮᠳᠠ᠂ ᠪᠤᠭᠤᠲᠤ ᠬᠤᠲᠠ ᠶᠢᠨ ᠬᠤᠯᠪᠣᠭᠳᠠᠯ ᠪᠥᠬᠦᠶ ᠠᠵᠤ ᠠᠬᠤᠶᠢᠯᠠᠯ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠦᠢᠯᠡᠳᠭᠦᠨ ᠢᠶᠠᠨ ᠤᠬᠠᠭᠤᠯᠤᠨ ᠲᠠᠨᠢᠯᠴᠠᠭᠤᠯᠵᠤ᠂ ᠮᠠᠨ ᠤ ᠬᠤᠲᠠ ᠶᠢᠨ 3 ᠠᠵᠤ ᠠᠬᠤᠶᠢᠯᠠᠯ ᠲᠣᠨᠤᠭ ᠲᠥᠬᠦᠭᠡᠷᠦᠮᠵᠢ ᠪᠠᠨ ᠰᠢᠨᠡᠳᠬᠡᠭᠰᠡᠨ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠶᠢ ᠭᠦᠨᠵᠡᠭᠡᠶ ᠠᠬᠢᠭᠤᠯᠵᠤ᠂ ᠳᠡᠭᠡᠳᠦ ᠲᠠᠰ ᠤᠨ᠂ ᠤᠶᠤᠨᠴᠢᠯᠠᠭᠰᠠᠨ᠂ ᠪᠣᠬᠢᠷᠲᠤᠯ ᠥᠬᠡᠶ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠤᠯᠠᠮᠵᠢᠯᠠᠯᠲᠤ ᠠᠵᠤ ᠦᠢᠯᠡᠰ ᠢ ᠬᠦᠴᠦᠯᠡᠨ ᠳᠡᠭᠡᠭᠰᠢᠯᠡᠭᠦᠯᠵᠦ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠵᠤ᠂ ᠠᠵᠤ ᠦᠢᠯᠡᠰ ᠤᠨ ᠲᠠᠰ ᠳᠡᠪᠰᠢᠬᠦ ᠶᠢ ᠳᠠᠶᠢᠴᠢᠯᠠᠵᠤ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号