7 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ | ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠵᠢᠴᠢ | ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 8 ᠳ᠋ᠤᠭᠠᠷ ᠣᠳᠠᠭᠠᠨ ᠤ | ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠪᠠ ᠨᠡᠷ᠎ᠡ ᠬᠠᠳᠠᠭᠰᠠᠨ ᠵᠣᠬᠢᠶᠠᠯ ᠵᠢᠴᠢ ᠲᠥᠪ ᠤᠨ | ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠠᠷᠠᠳ ᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠵᠡᠷᠭᠡ ᠠᠵᠢᠯ ᠢᠶᠠᠨ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠢᠵᠦ᠂ ᠰᠠᠭᠤᠭ᠎ᠠ ᠭᠠᠵᠠᠷ ᠤᠨ ᠴᠡᠷᠢᠭ ᠠᠩᠬᠢ ᠶᠢᠨ ᠪᠦᠳᠦᠭᠡᠨ | ᠪᠠᠶᠢᠭᠤᠯᠤᠯᠲᠠ ᠳᠤ ᠪᠦᠬᠦ ᠬᠦᠴᠦᠨ ᠢᠶᠠᠷ ᠢᠶᠠᠨ ᠦᠢᠯᠡᠴᠢᠯᠡᠭᠡ ᠪᠠᠲᠤᠯᠠᠭ᠎ᠠ ᠬᠠᠩᠭᠠᠵᠤ᠂ ᠴᠡᠷᠢᠭ ᠵᠠᠰᠠᠭ ᠴᠡᠷᠢᠭ | ᠠᠷᠠᠳ ᠤᠨ ᠪᠦᠯᠬᠦᠮᠳᠡᠨ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠵᠦ᠂ ᠡᠨᠡ ᠵᠢᠯ ᠪᠦᠬᠦ ᠤᠯᠤᠰ ᠤᠨ | ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢᠨ ︽ᠵᠠᠯᠭᠠᠭ᠎ᠠ ᠪᠠᠷ ᠭᠤᠷᠪᠠ ᠤᠳᠠᠭ᠎ᠠ ᠮᠠᠩᠯᠠᠶᠢᠯᠠᠬᠤ︾ ᠶᠢ | ᠪᠡᠶᠡᠯᠡᠭᠦᠯᠬᠦ ᠪᠠᠷ ᠦᠷᠭᠦᠯᠵᠢᠯᠡᠨ ᠴᠢᠷᠮᠠᠶᠢᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠨᠠᠶᠢᠷᠠᠮᠳᠠᠯ ᠢᠶᠠᠷ | ᠵᠡᠷᠭᠡᠴᠡᠨ ᠣᠷᠣᠰᠢᠬᠤ ᠲᠠᠪᠤᠨ ᠵᠠᠷᠴᠢᠮ ᠨᠠᠶᠢᠳᠡᠯᠡᠭᠳᠡᠭᠰᠡᠨ 70 ᠵᠢᠯ ᠤᠨ ᠣᠢ ᠶᠢ ᠳᠤᠷᠠᠰᠬᠠᠬᠤ ᠶᠡᠭᠡ ᠬᠤᠷᠠᠯ | ᠳᠡᠭᠡᠷᠡᠬᠢ ᠴᠢᠬᠤᠯᠠ ᠶᠠᠷᠢᠶ᠎ᠠ ᠪᠣᠯᠤᠨ ᠣᠶᠢᠷ᠎ᠠ ᠶᠢᠨ ᠬᠤᠭᠤᠴᠠᠭᠠᠨ ᠤ ᠭᠠᠳᠠᠭᠠᠳᠤ ᠶᠠᠪᠤᠳᠠᠯ ᠤᠨ ᠠᠵᠢᠯᠯᠠᠭ᠎ᠠ ᠳᠤ | ᠨᠡᠷ᠎ᠡ ᠬᠠᠳᠠᠭᠰᠠᠨ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠰᠠᠨᠠᠭᠠᠴᠢᠯᠠᠭ᠎ᠠ ᠠᠴᠠ ᠪᠠᠨ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠥᠲᠥᠭᠡᠨ ᠪᠠᠶᠢᠭᠤᠯᠤᠯᠲᠠ ᠳᠤ | ᠦᠢᠯᠡᠴᠢᠯᠡᠨ ᠠᠭᠤᠰᠤᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠢᠯᠠᠩᠭᠤᠶ᠎ᠠ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠤᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠠ ᠲᠣᠬᠢᠶᠠᠯ ᠢ ᠵᠠᠪᠳᠤᠨ ᠠᠳᠬᠤᠵᠤ᠂ ︽ᠮᠣᠩᠭᠤᠯ ᠨᠡᠬᠦᠷᠡᠰᠦ ᠶᠢ | ᠦᠬᠠᠢ ᠳᠤ ᠣᠷᠣᠭᠤᠯᠬᠤ︾ ᠶᠢ ᠶᠡᠬᠡᠪᠡᠷ ᠳᠥᠯᠭᠢᠨ ᠠᠬᠢᠭᠤᠯᠵᠤ᠂ ︽ᠵᠠᠮ ᠥᠩᠭᠡᠷᠡᠬᠦ ᠠᠵᠤ ᠠᠬᠤᠶ︾ ᠶᠢ | ︽ᠪᠣᠳᠠᠲᠠᠶᠢᠵᠢᠭᠤᠯᠤᠭᠰᠠᠨ ᠠᠵᠤ ᠠᠬᠤᠶ︾ ᠳᠠᠰᠢ ᠬᠤᠪᠢᠷᠠᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ᠃ ᠰᠢ ᠶᠢᠨ | ᠫᠢᠩ ᠶᠡᠷᠦᠩᠬᠡᠢ ᠱᠦᠵᠢ ᠶᠢᠨ ᠵᠧᠵᠢᠶᠠᠩ ᠮᠤᠵᠢ ᠶᠢᠨ ᠯᠢ ᠱᠦᠢ ᠬᠤᠳᠠ ᠶᠢᠨ ᠵᠢᠩ ᠨᠢᠩ ᠤᠨ ᠱᠢ ᠦᠨᠳᠦᠰᠦᠲᠡᠨ ᠤ | ᠥᠪᠡᠷᠲᠡᠭᠡᠨ ᠵᠠᠰᠠᠬᠤ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠳᠤ ᠦᠭᠭᠦᠭᠰᠡᠨ ᠬᠠᠷᠢᠭᠤ | ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠠᠵᠢᠯ ᠤᠨ ᠭᠤᠣᠯ ᠱᠤᠭᠤᠮ ᠪᠤᠯᠭᠠᠬᠤ ᠶᠢ ᠪᠠᠲᠤ | ᠡᠵᠡᠮᠳᠡᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ | ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ︽ᠰᠢᠨ᠎ᠡ ᠴᠠᠭ | ᠦᠶ᠎ᠡ ᠰᠢᠨ᠎ᠡ ᠠᠶᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ᠭᠡᠬᠦ ᠴᠢᠬᠤᠯᠠ | ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠬᠠᠢ ᠶᠢᠨ ᠣᠳᠣᠬᠢᠴᠢᠯᠠᠯᠲᠠ ᠶᠢᠨ | ᠪᠦᠳᠦᠭᠡᠨ ᠪᠠᠶᠢᠭᠤᠯᠤᠯᠲᠠ ᠶᠢᠨ ᠣᠷᠣᠰᠢᠵᠤ ᠪᠠᠶᠢᠭ᠎ᠠ ᠲᠡᠦᠬᠡ ᠶᠢᠨ ᠣᠷᠣᠨ ᠪᠠᠶᠢᠷᠢ᠂ ᠥᠪᠡᠷᠮᠢᠴᠡ ᠳᠠᠪᠠᠭᠤᠯᠢᠭ | ᠪᠣᠯᠤᠨ ᠴᠢᠬᠤᠯᠠ ᠶᠡᠭᠡ ᠠᠵᠠ ᠲᠣᠬᠢᠶᠠᠯ ᠢ ᠣᠨᠣᠪᠴᠢᠲᠠᠢ ᠡᠵᠡᠮᠳᠡᠵᠦ᠂ ᠠᠵᠤ ᠠᠬᠤᠢ ᠶᠢᠨ ᠠᠵᠢᠯᠯᠠᠭ᠎ᠠ᠂ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠠᠮᠢ ᠠᠬᠤᠢ ᠶᠢ ᠵᠠᠰᠠᠬᠤ᠂ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ | ᠵᠠᠮ ᠢ ᠨᠡᠭᠡᠭᠡᠵᠦ᠂ ᠲᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠦᠬᠠᠢ ᠶᠢᠨ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠣᠳᠠᠭᠠᠨ ᠤ | ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠶᠢ ᠵᠠᠰᠠᠭ ᠤᠨ ᠣᠷᠳᠣᠨ ᠤ ᠰᠢᠰᠲ᠋ᠧᠮ ᠤᠨ | ᠨᠠᠮ ᠤᠨ ᠪᠠᠶᠢᠭᠤᠯᠤᠯᠲᠠ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ | ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠤᠯᠠᠨ ᠨᠡᠶᠢᠲᠡ ᠶᠢᠨ | ᠡᠬᠢ ᠪᠠᠶᠠᠯᠢᠭ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ᠂ | ᠮᠥᠩᠭᠦᠨ ᠭᠦᠢᠯᠭᠡᠭᠡ ᠨᠡᠶᠢᠭᠡᠮ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠪᠠᠨ | ᠦᠷᠭᠦᠯᠵᠢᠯᠡᠨ ᠴᠢᠩᠭᠠᠳᠬᠠᠵᠤ᠂ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠲᠣᠭᠲᠠᠴᠠ ᠪᠠᠨ | ᠲᠣᠭᠲᠠᠪᠤᠷᠢᠵᠢᠭᠤᠯᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠦᠨᠡᠨ ᠬᠦ | ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ | ᠬᠥᠭᠵᠢᠬᠦ ᠶᠢ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ︽ᠬᠤᠷᠤᠭᠤᠨ ᠦᠵᠦᠭᠦᠷ ᠤᠨ ᠬᠡᠯᠪᠡᠷᠢᠴᠢ ᠦᠵᠡᠯ︾ ︽ᠤᠳᠠᠭᠠᠨ᠂ ᠪᠦᠳᠦᠭᠦᠯᠢᠭ᠂ ᠬᠡᠶᠢᠰᠪᠦᠷᠢ︾ | ᠵᠡᠷᠭᠡ ᠠᠷᠬᠠᠭ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠪᠢᠴᠢᠭ ᠮᠠᠲ᠋ᠧᠷᠢᠶᠠᠯ ᠢ | ᠨᠠᠷᠢᠯᠢᠭᠵᠢᠭᠤᠯᠤᠨ ᠬᠤᠷᠠᠯ ᠢ ᠴᠦᠭᠡᠳᠭᠡᠬᠦ᠂ ᠬᠢᠨᠠᠨ ᠪᠠᠶᠢᠴᠠᠭᠠᠵᠤ ᠬᠢᠨᠠᠨ ᠰᠢᠯᠭᠠᠬᠤ ᠶᠢ ᠵᠢᠷᠤᠮᠵᠢᠭᠤᠯᠬᠤ ᠵᠡᠷᠭᠡ | ᠠᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠵᠠᠬᠢᠳᠠᠯ ᠰᠤᠷᠪᠤᠯᠵᠢᠯᠠᠭ᠎ᠠ᠂ ᠦᠨᠳᠦᠰᠦᠨ ᠱᠠᠲᠤᠨ ᠤ ᠵᠠᠰᠠᠯᠲᠠ | ᠵᠡᠷᠭᠡ ᠲᠠᠯ᠎ᠠ ᠶᠢᠨ ᠲᠤᠪᠤᠶᠢᠮ᠎ᠠ ᠠᠰᠠᠭᠤᠳᠠᠯ ᠢ ᠴᠢᠩᠭ᠎ᠠ ᠠᠳᠬᠤᠵᠤ᠂ ᠰᠢᠰᠲ᠋ᠧᠮ ᠲᠠᠢ ᠵᠠᠰᠠᠵᠤ᠂ ᠦᠨᠳᠦᠰᠦᠨ | ᠱᠠᠲᠤᠨ ᠤ ᠺᠠᠳ᠋ᠷᠴᠤᠳ ᠤᠨ ᠨᠡᠩ ᠤᠯᠠᠨ ᠴᠠᠭ ᠪᠠ ᠤᠶᠤᠨ ᠴᠢᠳᠠᠯ ᠭᠠᠷᠭᠠᠵᠤ ᠪᠠᠶᠢᠭᠠᠳ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠭᠵᠢᠯᠲᠡ ᠶᠢ ᠠᠳᠬᠤᠬᠤ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃ |