ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠷᠪᠠᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/19
     7 ᠰᠠᠷ᠎ᠠ ᠶᠢᠨ 18 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠷᠪᠠᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠦ᠋ ᠶᠧ ᠸᠧᠨ᠂ ᠸᠠᠩ ᠰᠢᠶᠠᠨ ᠭᠠᠩ᠂ ᠵᠠᠩ ᠮᠧᠩ ᠵᠢᠶᠠᠨ᠂ ᠵᠠᠩ ᠬᠤᠩ ᠪᠢᠨ᠂ ᠱᠣᠤ ᠵᠧᠩ ᠸᠧᠨ᠂ ᠭᠦᠸᠧ ᠴᠠᠩ ᠠᠨ᠂ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠯᠢ ᠾᠧ ᠫᠢᠩ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢᠶᠠᠩ ᠱᠣ᠋ ᠫᠢᠩ᠂ ᠨᠠᠷᠢᠨ ᠪᠢᠴᠢᠭ ᠤᠨ ᠳᠠᠷᠤᠭ᠎ᠠ ᠵᠣᠣ ᠽᠢ ᠴᠧᠩ ᠵᠢᠴᠢ ᠪᠠᠶᠢᠩᠭᠤ ᠶᠢᠨ ᠭᠡᠰᠢᠭᠦᠨ ᠨᠡᠶᠢᠲᠡ 27 ᠬᠥᠮᠦᠨ ᠬᠤᠷᠠᠯ ᠳᠤ ᠣᠷᠣᠯᠴᠠᠪᠡ᠃ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠸᠧᠶ ᠬᠤᠷᠠᠯ ᠳᠤ ᠣᠷᠣᠯᠴᠠᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾ ︽ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠲᠦᠶ᠎ᠡ︾ ᠭᠡᠬᠦ ᠴᠢᠬᠤᠯᠠ ᠵᠤᠬᠢᠶᠠᠯ ᠢ ᠤᠯᠠᠮᠵᠢᠯᠠᠨ ᠰᠤᠷᠤᠯᠴᠠᠪᠠ︔ ︽︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠬᠡᠷᠡᠭᠳᠡᠢ︾ ᠭᠡᠬᠦ ᠭᠤᠤᠯ ᠰᠡᠳᠤᠪ ᠤᠨ ᠲᠣᠭᠤᠷᠢᠨ ᠳᠤ ᠲᠤᠰᠬᠠᠢ ᠰᠡᠳᠦᠪᠲᠦ ᠵᠥᠪᠯᠡᠯᠭᠡ ᠥᠷᠨᠢᠭᠦᠯᠪᠡ︔ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠵᠦ ᠪᠠᠲᠤᠯᠠᠪᠠ᠃      ᠸᠠᠩ ᠸᠧᠨ ᠵᠢᠶᠧ ᠬᠡᠯᠡᠭᠰᠡᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ ᠲᠦᠷᠦᠯ ᠵᠦᠢᠯ ᠤᠨ ᠲᠥᠯᠥᠪᠵᠢᠭᠦᠯᠭᠡ ᠪᠠᠨ ᠴᠢᠩᠭᠠᠳᠬᠠᠵᠤ  ᠣᠷᠣᠭᠤᠯᠤᠯᠲᠠ ᠶᠢᠨ ᠪᠠᠲᠤᠯᠠᠭ᠎ᠠ ᠪᠠᠨ ᠨᠡᠮᠡᠭᠳᠡᠭᠦᠯᠵᠦ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠷᠮᠠᠶᠢᠨ ᠰᠠᠶᠢᠲᠤᠷ ᠬᠢᠬᠦ ᠳᠤ ᠦᠬᠠᠢ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠠᠵᠢᠯᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ᠂ ᠡᠯᠧᠮᠧᠨ᠋ᠲ ᠤᠨ ᠪᠠᠲᠤᠯᠠᠭ᠎ᠠ᠂ ᠬᠠᠮᠵᠢᠯᠴᠠᠨ ᠵᠠᠰᠠᠬᠤ ᠶᠢ ᠰᠠᠶᠢᠲᠤᠷ ᠠᠳᠬᠤᠬᠤ ᠳᠡᠭᠡᠷ᠎ᠡ ᠬᠦᠴᠦ ᠲᠠᠯᠪᠢᠵᠤ᠂ ︽ᠤᠮᠠᠷᠠᠲᠤ  ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠪᠣᠯᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠡᠮᠬᠢ ᠵᠢᠷᠤᠮ ᠲᠠᠢ ᠲᠦᠯᠬᠢᠨ ᠠᠬᠢᠭᠤᠯᠬᠤ ᠶᠢ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ ᠳᠠᠪᠠᠭᠤᠯᠢᠭ ᠢᠶᠠᠨ ᠪᠠᠳᠠᠷᠠᠭᠤᠯᠵᠤ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠶᠠᠰᠤ ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠪᠠᠨ ᠨᠡᠮᠡᠭᠳᠡᠭᠦᠯᠵᠦ᠂ ᠭᠡᠰᠢᠭᠦᠳ ᠤᠨ ᠪᠡᠶᠡᠴᠢ ᠴᠣᠭᠴᠠ ᠶᠢᠨ ᠦᠢᠯᠡᠳᠦᠯ ᠢᠶᠠᠨ ᠲᠤᠪᠤᠶᠢᠯᠭᠠᠨ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号