ᠬᠤᠳᠠ ᠶᠢᠨ ᠵᠠᠰᠠᠭ ᠤᠨ ᠣᠷᠳᠣᠨ ᠤ 2024 ᠣᠨ ᠤ 16 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠵᠢᠴᠢ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/19
     7 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2024 ᠣᠨ ᠤ 16 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠬᠤᠨᠠᠨ ᠤ ᠶᠤᠸᠠᠢ ᠶᠠᠩ ᠬᠤᠲᠠ ᠶᠢᠨ ᠬᠤᠸᠠ ᠿᠦᠩ ᠰᠢᠶᠠᠨ ᠤ ᠲᠤᠸᠠᠨ ᠵᠸᠤ ᠳᠠᠯᠠᠩ ᠤᠨ ᠳ᠋ᠦᠩ ᠲᠢᠩ ᠬᠤ᠋ ᠨᠠᠭᠤᠷ ᠤᠨ ᠨᠢᠭᠡᠳᠦᠭᠡᠷ ᠹᠷᠣᠨᠲ ᠤᠨ ᠬᠠᠰᠢᠯᠭ᠎ᠠ ᠰᠡᠳᠡᠷᠡᠭᠰᠡᠨ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠤᠯᠤᠰ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠠᠯᠪᠠᠨ ᠬᠡᠷ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠪᠠᠶᠢᠳᠠᠯ ᠢ ᠵᠠᠳᠠᠯᠵᠤ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠪᠣᠯᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠬᠠᠷᠢᠭᠤᠴᠠᠯᠭ᠎ᠠ ᠪᠠᠨ ᠪᠠᠲᠤ ᠰᠠᠬᠢᠵᠦ᠂ ᠬᠠᠷᠢᠭᠤᠴᠠᠯᠭ᠎ᠠ ᠪᠠᠨ ᠲᠠᠭᠠᠭᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ ᠬᠤᠳᠠ ᠶᠢᠨ ᠲᠣᠭᠤᠷᠢᠭ᠂ ᠠᠭᠤᠷᠬᠠᠢ ᠶᠢᠨ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠪᠦᠬᠦ ᠲᠠᠯ᠎ᠠ ᠶᠢᠨ᠂ ᠥᠨᠴᠥᠭ ᠪᠤᠯᠤᠩ ᠦᠭᠡᠢ ᠬᠥᠳᠡᠯᠦᠩᠭᠦᠢ ᠪᠠᠷ ᠵᠢᠭᠰᠠᠭᠠᠨ ᠪᠠᠶᠢᠴᠠᠭᠠᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠠᠵᠢᠯ ᠤᠨ ᠬᠤᠯᠪᠣᠭᠠᠯᠠᠨ ᠬᠥᠳᠡᠯᠦᠯᠴᠡᠬᠦ ᠪᠠᠨ ᠴᠢᠨᠠᠭᠰᠢᠳᠠ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠳ᠋ ᠪᠣᠳᠠᠰ ᠢ ᠪᠦᠷᠢᠨ ᠭᠦᠢᠴᠡᠳ ᠪᠡᠯᠡᠳᠬᠡᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠨᠡᠭᠦᠷᠡᠰᠦᠨ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ ᠵᠠᠮ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠮᠥᠨ ᠴᠢᠨᠠᠷ ᠤᠨ ᠠᠮᠤᠷ ᠲᠦᠪᠰᠢᠨ ᠤ ᠲᠦᠪᠰᠢᠨ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠡᠩ ᠶᠡᠭᠡ ᠡᠷᠴᠢᠮ ᠢᠶᠠᠷ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠵᠤ᠂ ᠨᠡᠩ ᠤᠯᠠᠨ ᠤᠶᠤᠨ ᠴᠢᠳᠠᠯ ᠢᠶᠠᠨ ᠬᠦᠢᠴᠡᠳᠭᠡᠯ ᠲᠤᠭ᠎ᠠ ᠶᠢ ᠠᠳᠬᠤᠬᠤ᠂ ᠠᠵᠤ ᠠᠬᠤᠢ ᠶᠢ ᠠᠳᠬᠤᠬᠤ᠂ ᠬᠥᠭᠵᠢᠯᠲᠡ ᠶᠢ ᠠᠳᠬᠤᠬᠤ ᠳᠡᠭᠡᠷ᠎ᠡ ᠲᠠᠯᠪᠢᠵᠤ᠂ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠲᠣᠬᠢᠷᠠᠭᠤᠯᠤᠯᠲᠠ ᠪᠠᠨ ᠴᠢᠩᠭᠠᠳᠬᠠᠵᠤ  ᠳᠠᠪᠠᠭᠤᠯᠢᠭ ᠭᠦᠢᠴᠡᠳᠬᠡᠯ ᠲᠤᠭ᠎ᠠ ᠶᠢ ᠦᠷᠭᠦᠯᠵᠢᠯᠡᠨ ᠪᠠᠬᠢᠵᠢᠭᠦᠯᠵᠦ᠂ ᠪᠠᠭᠤᠷᠠᠢ ᠭᠦᠢᠴᠡᠳᠬᠡᠯ ᠲᠤᠭ᠎ᠠ ᠶᠢ ᠳᠡᠭᠡᠭᠰᠢᠯᠡᠭᠦᠯᠵᠦ᠂ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠲᠦᠷᠦᠯ ᠵᠦᠢᠯ ᠢ ᠠᠳᠬᠤᠵᠤ ᠪᠡᠯᠡ ᠣᠷᠣᠭᠤᠯᠤᠯᠲᠠ ᠶᠢ ᠠᠬᠢᠭᠤᠯᠵᠤ᠂ ᠡᠯᠧᠮᠧᠨ᠋ᠲ ᠤᠨ ᠪᠠᠲᠤᠯᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠢ ᠠᠬᠢᠭᠤᠯᠬᠤ ᠶᠢ ᠬᠢᠵᠠᠭᠠᠷᠯᠠᠵᠤ ᠪᠠᠶᠢᠭ᠎ᠠ ᠶᠠᠪᠤᠴᠠ ᠳᠠᠬᠢ ᠬᠦᠴᠢᠷ ᠲᠦᠪᠡᠭᠲᠡᠢ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠦᠢᠯᠡᠳᠪᠦᠷᠢᠯᠡᠯ ᠤᠨ ᠴᠢᠳᠠᠪᠤᠷᠢ ᠶᠢᠨ ᠦᠢᠯᠡᠳᠬᠦᠨ ᠤ ᠦᠷᠳᠡᠭ ᠢ ᠭᠦᠢᠴᠡᠳ ᠪᠠᠳᠠᠷᠠᠭᠤᠯᠬᠤ ᠬᠡᠷᠡᠭᠲᠡᠢ︔ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠨᠡᠩ ᠤᠯᠠᠨ ᠪᠡᠯᠡ ᠣᠷᠣᠭᠤᠯᠤᠯᠲᠠ ᠶᠢ ᠨᠠᠶᠢᠳᠠᠪᠤᠷᠢᠵᠢᠭᠤᠯᠬᠤ ᠶᠢ ᠳᠠᠶᠢᠴᠢᠯᠠᠬᠤ ᠬᠡᠷᠡᠭᠲᠡᠢ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠨᠡᠩ ᠶᠡᠭᠡ ᠡᠷᠴᠢᠮ ᠢᠶᠠᠷ ᠠᠬᠢᠭᠤᠯᠵᠤ᠂ ︽ᠭᠤᠷᠪᠠ ᠶᠢ ᠨᠡᠶᠢᠳᠬᠡᠬᠦ︾ ᠶᠢ ᠲᠦᠷᠭᠡᠨ ᠠᠬᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠰᠢᠨᠡᠴᠢᠯᠡᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠠᠵᠤ ᠦᠢᠯᠡᠰ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠣᠷᠣᠯᠭ᠎ᠠ ᠪᠠᠨ ᠨᠡᠮᠡᠭᠳᠡᠭᠦᠯᠦᠨ ᠡᠬᠢ ᠰᠤᠷᠪᠤᠯᠵᠢ ᠪᠠᠨ ᠥᠷᠭᠡᠳᠬᠡᠬᠦ ᠶᠢ ᠨᠡᠩ ᠶᠡᠭᠡ ᠡᠷᠴᠢᠮ ᠢᠶᠠᠷ ᠰᠠᠶᠢᠲᠤᠷ ᠠᠳᠬᠤᠵᠤ᠂ ᠭᠠᠶᠢᠯᠢ ᠶᠢᠨ ᠢᠷᠡᠯᠳᠡ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ︽ᠠᠯᠪᠠᠨ ᠤ ᠭᠤᠷᠪᠠᠨ ᠵᠠᠷᠤᠳᠠᠯ︾ ᠪᠣᠯᠤᠨ ᠡᠩ ᠤᠨ ᠵᠠᠷᠤᠯᠭ᠎ᠠ ᠶᠢ ᠴᠢᠩᠭ᠎ᠠ ᠡᠵᠡᠮᠳᠡᠵᠦ᠂ ᠦᠯᠡᠳᠡᠭᠡᠯ ᠪᠡᠯᠡ ᠮᠥᠩᠭᠦ ᠶᠢ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠬᠤ ᠲᠣᠭᠲᠠᠴᠠ ᠪᠠᠨ ᠴᠢᠨᠠᠭᠰᠢᠳᠠ ᠲᠡᠭᠦᠯᠳᠡᠷᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠨᠡᠩ ᠶᠡᠭᠡ ᠡᠷᠴᠢᠮ ᠢᠶᠠᠷ ᠰᠠᠶᠢᠲᠤᠷ ᠠᠳᠬᠤᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠭᠰᠠᠨ᠂ ᠬᠠᠳᠤᠨ ᠭᠤᠣᠯ ᠤᠨ ᠰᠠᠪᠠ ᠭᠠᠵᠠᠷ ᠢ ᠳᠠᠯᠳᠠᠭᠤᠷ ᠰᠤᠷᠪᠤᠯᠵᠢᠯᠠᠬᠰᠠᠨ ᠰᠡᠷᠡᠮᠵᠢ ᠶᠢᠨ ᠹᠢᠯᠢᠮ ᠵᠡᠷᠭᠡ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠢᠰᠲ᠋ᠧᠮ ᠲᠠᠢ ᠪᠠᠷ ᠵᠠᠰᠠᠬᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠴᠢᠬᠤᠯᠠᠴᠢᠯᠠᠵᠤ᠂ ᠠᠰᠠᠭᠤᠳᠠᠯ ᠢ ᠲᠦᠢᠯᠪᠤᠷᠢᠲᠠᠢ ᠥᠭᠡᠷᠡᠴᠢᠯᠡᠬᠦ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠡᠩ ᠶᠡᠭᠡ ᠡᠷᠴᠢᠮ ᠢᠶᠠᠷ ᠨᠢᠭᠡᠳᠦᠯᠲᠡᠢ ᠲᠥᠯᠥᠪᠵᠢᠭᠦᠯᠵᠦ᠂ ᠥᠷᠢ ᠥᠭᠴᠡᠭᠡ ᠶᠢ ᠨᠠᠮᠳᠠᠭᠤᠯᠬᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠬᠦᠴᠦᠯᠡᠨ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠳᠠᠷᠤᠯᠲᠠ ᠪᠠ ᠬᠦᠴᠦ ᠨᠡᠮᠡᠵᠦ᠂ ᠬᠤᠷᠳᠤᠴᠠ ᠪᠠᠨ ᠳᠡᠭᠡᠭᠰᠢᠯᠡᠭᠦᠯᠦᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ 33 ᠬᠤᠪᠢ ᠪᠠ ᠮᠠᠨ ᠤ ᠬᠤᠲᠠ ᠶᠢᠨ 10 ᠲᠠᠯ᠎ᠠ ᠶᠢᠨ 43 ᠬᠤᠪᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠣᠯᠤᠨ ᠬᠤᠶᠠᠷ ᠢ ᠬᠦᠷᠢᠶᠡᠯᠡᠬᠦ ᠠᠵᠢᠯ ᠢ ᠦᠨᠡᠨ ᠬᠦ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠪᠣᠯᠤᠨ ᠬᠤᠶᠠᠷ ᠢ ᠬᠦᠷᠢᠶᠡᠯᠡᠬᠦ ᠠᠵᠢᠯ ᠢ ᠨᠠᠩ ᠡᠷᠴᠢᠮ ᠲᠠᠢ᠂ ᠨᠠᠩ ᠬᠠᠶᠢᠷ᠎ᠠ ᠰᠡᠳᠬᠢᠯᠭᠡ ᠲᠠᠢ᠂ ᠨᠠᠩ ᠶᠠᠰᠤ ᠴᠢᠨᠠᠷ ᠲᠠᠢ ᠪᠣᠯᠭᠠᠬᠤ ᠶᠢ ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠲᠠᠢ ᠬᠠᠷᠢᠴᠠᠭᠤᠯᠵᠤ᠂ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠡᠷᠢᠭ ᠢᠶᠠᠨ ᠬᠦᠷᠢᠶᠡᠯᠡᠨ ᠡᠮᠦᠨ᠎ᠡ ᠹᠷᠣᠨᠲ ᠢ ᠳᠡᠮᠵᠢᠬᠦ ᠴᠡᠷᠢᠭ ᠠᠩᠭᠢ ᠪᠠ ᠣᠷᠣᠨ ᠨᠤᠲᠤᠭ ᠤᠨ ᠵᠣᠬᠢᠴᠠᠭᠤᠯᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠶᠠᠷ ᠢ ᠬᠦᠷᠢᠶᠡᠯᠡᠬᠦ ᠠᠵᠢᠯᠯᠠᠭ᠎ᠠ ᠶᠢᠨ ᠬᠡᠯᠪᠡᠷᠢ ᠶᠢᠨ ᠠᠴᠢᠶᠠᠯᠠᠪᠤᠷᠢ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠴᠡᠷᠢᠭ ᠠᠷᠠᠳ ᠤᠨ ᠪᠦᠯᠬᠦᠮᠳᠡᠯ ᠤᠨ ︽ᠢᠵᠢᠯ ᠲᠥᠪᠲᠦ ᠲᠣᠭᠤᠷᠢᠭ︾ ᠢ ᠪᠠᠶᠢᠭᠤᠯᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢᠨ ︽ᠵᠠᠯᠭᠠᠭ᠎ᠠ ᠪᠠᠷ ᠭᠤᠷᠪᠠ ᠤᠳᠠᠭ᠎ᠠ ᠮᠠᠩᠯᠠᠶᠢᠯᠠᠬᠤ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠰᠠᠷᠠᠮᠵᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ︽ᠠᠵᠢᠯ ᠣᠯᠭᠤᠯᠳᠠ᠂ ᠭᠡᠷ ᠪᠦᠯᠢ᠂ ᠬᠤᠶᠢᠴᠢ ᠦᠶ᠎ᠡ︾ ᠶᠢᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠵᠡᠢ᠃      ᠬᠤᠷᠠᠯ ᠠᠴᠠ ᠪᠠᠰᠠ ᠲᠥᠷᠥ ᠶᠢᠨ ᠶᠠᠪᠤᠳᠠᠯ ᠤᠨ ᠬᠤᠷᠢᠶᠠᠨ ᠤ ︽ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠲᠦᠷᠢᠮ︾ ᠢ ᠤᠯᠠᠮᠵᠢᠯᠠᠨ ᠰᠤᠷᠤᠯᠴᠠᠵᠤ᠂ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号