2024 ᠣᠨ ᠤ ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠣᠬᠠᠭᠠᠨ ᠤ ᠬᠤᠸᠠᠷᠠᠨ ︵ᠦᠬᠠᠶ ᠶᠢᠨ ᠬᠤᠪᠢᠶᠠᠷᠢ ᠬᠤᠸᠠᠷᠠᠨ︶ ᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/7/2
     6 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ︽ᠰᠢᠨᠵᠢᠯᠡᠬᠦ ᠤᠬᠠᠭᠠᠨ ᠮᠡᠷᠭᠡᠵᠢᠯ ᠤᠨ ᠵᠡᠭᠦᠳᠦ᠂ ᠵᠠᠯᠠᠭᠤ ᠨᠠᠰᠤᠨ ᠤ ᠵᠡᠬᠦᠲᠤ· ᠳᠤᠮᠳᠠᠳᠤ ᠶᠢᠨ ᠵᠡᠭᠦᠳᠦ︾ 2024 ᠣᠨ ᠤ ᠥᠪᠥᠷ ᠮᠣᠩᠭᠤᠯ ᠤᠨ ᠵᠠᠯᠠᠭᠤᠴᠤᠳ ᠪᠠᠭᠠᠴᠤᠳ ᠤᠨ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠣᠬᠠᠭᠠᠨ ᠤ ᠬᠤᠸᠠᠷᠠᠨ ︵ᠦᠬᠠᠶ ᠶᠢᠨ ᠬᠤᠪᠢᠶᠠᠷᠢ ᠬᠤᠸᠠᠷᠠᠨ︶ ᠤ ᠠᠵᠢᠯᠯᠠᠭ᠎ᠠ ᠶᠠᠪᠤᠭᠳᠠᠪᠠ᠃ ᠮᠠᠨ ᠤ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ 130 ᠰᠤᠷᠤᠭᠴᠢ ᠠᠵᠢᠯᠯᠠᠭ᠎ᠠ ᠳᠤ ᠣᠷᠣᠯᠴᠠᠪᠠ᠃      ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠦᠬᠠᠶ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠮᠲᠤᠷᠠᠨ ᠡᠷᠭᠢᠯᠡᠪᠡ᠃ ᠬᠤᠶᠠᠷ ᠡᠳᠦᠷ ᠤᠨ ᠬᠤᠭᠤᠴᠠᠭ᠎ᠠ ᠲᠠᠢ ᠠᠵᠢᠯᠯᠠᠭ᠎ᠠ ᠶᠢᠨ ᠳᠤᠮᠳᠠ᠂ ᠰᠤᠷᠤᠭᠴᠢᠳ ᠤᠷᠢᠳ ᠬᠤᠵᠢᠳ ᠬᠠᠳᠤᠨ ᠭᠤᠣᠯ ᠤᠨ ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠲᠠ ᠶᠢᠨ ᠬᠦᠢᠰᠦ᠂ ᠬᠠᠨ ᠰᠧᠨ ᠠᠷᠢᠬᠢᠨ ᠡᠳ᠋ᠯᠡᠩ ᠵᠡᠷᠭᠡ ᠭᠠᠵᠠᠷ ᠢᠶᠠᠷ ᠬᠦᠷᠴᠦ᠂ ᠰᠢᠨᠵᠢᠯᠡᠬᠦ ᠤᠬᠠᠭᠠᠨ ᠤ ᠲᠤᠷᠰᠢᠯᠲᠠ ᠶᠢᠨ ᠲᠠᠰᠤᠭ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠣᠨᠣᠭᠯᠠᠯ ᠢ ᠲᠣᠭᠤᠷᠢᠨ ᠦᠵᠡᠵᠦ᠂ ᠪᠠᠭᠰᠢ᠂ ᠲᠤᠰᠬᠠᠢ ᠮᠡᠷᠭᠡᠵᠢᠯᠲᠡᠨ ᠲᠠᠢ ᠨᠢᠭᠤᠷᠳᠠᠨ ᠶᠠᠷᠢᠯᠴᠠᠵᠤ᠂ ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠬᠦᠳᠦᠯᠦᠨ ᠳᠠᠭᠠᠭᠤᠯᠬᠤ ᠠᠮᠢᠳᠤᠯᠢᠭ ᠦᠢᠯᠡᠳᠦᠯᠭᠡ ᠶᠢ ᠲᠤᠬᠠᠢ ᠶᠢᠨ ᠭᠠᠵᠠᠷ ᠲᠤᠨᠢ ᠪᠠᠶᠡᠴᠢᠯᠡᠨ ᠣᠶᠢᠯᠠᠭᠠᠪᠠ᠃      ᠠᠵᠢᠯᠯᠠᠭ᠎ᠠ ᠶᠢᠨ ᠳᠤᠮᠳᠠ᠂ ᠭᠤᠤᠯᠯᠠᠨ ᠡᠷᠭᠢᠯᠡᠭᠰᠡᠨ ᠲᠠᠯ᠎ᠠ ᠶᠢᠨ ᠬᠢᠨ ᠰᠢᠩᠭᠡᠨ ᠳᠠᠷᠤᠴᠠ ᠶᠢᠨ ᠮᠧᠬᠠᠨᠢᠭ ᠭᠠᠷ  ᠢ ᠣᠭᠰᠠᠷᠠᠬᠤ ᠪᠠ ᠲᠣᠷᠰᠢᠨ ᠠᠵᠢᠯᠯᠠᠭᠤᠯᠬᠤ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠬᠢᠴᠢᠶᠡᠯ ᠤᠨ ᠲᠠᠩᠬᠢᠮ ᠭᠠᠷᠭᠠᠵᠤ᠂ ᠰᠤᠷᠤᠭᠴᠢᠳ ᠲᠤ ᠪᠦᠲᠦᠴᠡ ᠵᠢᠴᠢ ᠬᠥᠳᠡᠯᠭᠡᠭᠡᠨ ᠤ ᠣᠭ ᠶᠣᠰᠣ᠂ ᠡᠵᠡᠮᠰᠢᠯ ᠢ ᠡᠵᠡᠮᠰᠢᠬᠦ ᠦᠨᠳᠦᠰᠦᠯᠡᠯ ᠵᠡᠷᠭᠡ ᠮᠡᠳᠡᠯᠭᠡ ᠶᠢ ᠭᠦᠨᠵᠡᠭᠡᠶ ᠣᠶᠢᠯᠠᠭᠠᠭᠤᠯᠵᠤ᠂ ᠭᠠᠷ ᠬᠥᠳᠡᠯᠬᠦ᠂ ᠲᠠᠷᠢᠬᠢ ᠬᠥᠳᠡᠯᠭᠡᠬᠦ ᠳᠤᠮᠳᠠ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠮᠡᠳᠡᠷᠡᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号