ᠪᠦᠬᠦ ᠬᠤᠲᠠ ᠶᠢᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠵᠢᠴᠢ ᠦᠵᠡᠯ ᠤᠬᠠᠮᠰᠠᠷ ᠤᠨ ᠬᠡᠯᠪᠡᠷᠢ ᠵᠢᠴᠢ ᠰᠦᠯᠵᠢᠶᠡᠨ ᠤ ᠬᠦᠴᠦᠷᠬᠡᠭ ᠤᠯᠤᠰ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/7/2
     7 ᠰᠠᠷ᠎ᠠ ᠶᠢᠨ 1 ᠤ ᠡᠳᠦᠷ᠂ ᠪᠥᠬᠦ ᠬᠤᠲᠠ ᠶᠢᠨ ᠰᠢ ᠶᠢᠨ ᠫᠢᠩ ᠤᠨ ᠰᠣᠶᠣᠯ ᠦᠵᠡᠯ ᠰᠠᠨᠠᠭ᠎ᠠ ᠪᠠ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠵᠢᠴᠢ ᠦᠵᠡᠯ ᠤᠬᠠᠮᠰᠠᠷ ᠤᠨ ᠬᠡᠯᠪᠡᠷᠢ ᠵᠢᠴᠢ ᠰᠦᠯᠵᠢᠶᠡᠨ ᠤ ᠬᠦᠴᠦᠷᠬᠡᠭ ᠤᠯᠤᠰ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃      ᠲᠣᠰ ᠤᠳᠠᠭᠠᠨ ᠤ ᠪᠣᠯᠪᠠᠰᠤᠷᠠᠯ ᠤᠨ ᠠᠩᠭᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ 5 ᠲᠤᠰᠬᠠᠶ ᠮᠡᠷᠭᠡᠵᠢᠯᠲᠡᠨ ᠫᠷᠤᠹᠧᠰᠰᠤᠷ ᠢ ᠤᠷᠢᠵᠤ᠂ ᠳᠤᠮᠳᠠᠳᠤ ᠶᠢᠨ ᠪᠣᠯᠪᠠᠰᠤᠨ ᠤ ᠲᠣᠪᠤᠶᠢᠮ᠎ᠠ ᠣᠨᠴᠠᠯᠢᠭ ᠢ ᠭᠦᠨᠵᠡᠭᠡᠶ ᠡᠵᠡᠮᠳᠡᠬᠦ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠨᠢ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢ ᠬᠥᠲᠥᠯᠦᠨ ᠵᠢᠯᠣᠭᠤᠳᠴᠤ ᠳᠠᠪᠲᠠᠯᠲᠤ ᠮᠠᠶ᠋ᠢᠭ ᠤᠨ ᠬᠥᠭᠵᠢᠯᠲᠡ ᠶᠢ ᠪᠡᠶᠡᠯᠡᠬᠦᠯᠬᠦ᠂ ᠬᠠᠮ ᠵᠠᠭᠤᠴᠢᠯᠠᠭᠤᠷ ᠤᠨ ᠴᠠᠭ ᠦᠶ᠎ᠡ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ ᠪᠠ ᠬᠢᠮᠤᠷᠠᠯ ᠢ ᠰᠢᠢᠳᠪᠦᠷᠢᠯᠡᠬᠦ ᠭᠤᠤᠯᠳᠠᠯᠭ᠎ᠠ᠂ ᠶᠠᠷᠢᠶ᠎ᠠ ᠬᠡᠯᠡᠯᠴᠡᠭᠡᠨ ᠤ ᠠᠮᠢ ᠠᠬᠤᠶ ᠶᠢᠨ ᠬᠤᠪᠢᠰᠤᠯᠲᠠ ᠬᠢᠭᠡᠳ ᠵᠠᠭᠤᠴᠢᠯᠠᠭᠤᠷ ᠤᠨ ᠨᠡᠪᠲᠡᠷᠡᠯᠴᠡᠭᠡ ᠶᠢᠨ ᠠᠷᠭ᠎ᠠ ᠵᠠᠮ ᠵᠡᠷᠭᠡ ᠲᠤᠰᠬᠠᠶ ᠰᠡᠳᠦᠪ ᠤᠨ ᠲᠣᠭᠤᠷᠢᠨ ᠳᠤ ᠲᠣᠰ ᠲᠣᠰ ᠲᠠᠶᠢᠯᠤᠮᠵᠢ ᠬᠢᠵᠦ ᠬᠠᠪᠰᠤᠷᠤᠨ ᠵᠢᠯᠣᠭᠤᠳᠪᠠ᠃ ᠡᠭᠦᠨ ᠤ ᠬᠠᠮᠲᠤ᠂ ᠬᠠᠪᠰᠤᠷᠤᠨ ᠵᠢᠯᠣᠭᠤᠳᠬᠤ ᠲᠠᠶᠢᠯᠤᠮᠵᠢ᠂ ᠪᠣᠳᠠᠲᠤ ᠰᠣᠷᠢᠯᠲᠠ᠂ ᠰᠢᠷᠡᠭᠡᠨ ᠳᠡᠭᠡᠷᠡᠬᠢ ᠰᠣᠷᠢᠯᠲᠠ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠬᠤ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠬᠤ ᠶᠢ ᠠᠬᠢᠭᠤᠯᠵᠤ᠂ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠪᠤᠲᠤᠯ ᠢᠶᠠᠨ ᠴᠡᠭᠴᠡᠯᠡᠵᠦ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠡᠯ᠎ᠡ ᠵᠦᠢᠯ ᠤᠨ ᠠᠵᠢᠯ ᠢ ᠨᠡᠩ ᠦᠷ᠎ᠡ ᠪᠦᠲᠦᠮᠵᠢᠲᠡᠢ ᠪᠠᠷ ᠰᠠᠶᠢᠲᠤᠷ ᠥᠷᠨᠢᠭᠦᠯᠬᠦ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号