ᠲᠠᠩ ᠢ ᠤᠳᠠ ᠲᠣᠭᠤᠷᠢᠭ ᠲᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/2
     7 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠤᠳᠠ ᠲᠣᠭᠤᠷᠢᠭ ᠲᠤ ᠬᠦᠷᠴᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠠᠪᠤᠳᠠᠯ ᠢ ᠰᠤᠳᠤᠯᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠸᠠᠩ ᠵᠢᠶ ᠫᠢᠩ ᠶᠠᠷᠢᠯᠴᠠᠬᠤ ᠬᠤᠷᠠᠯ ᠳᠤ ᠣᠷᠣᠯᠴᠠᠪᠠ᠃

     ᠲᠠᠩ ᠢ ᠤᠷᠢᠳ ᠬᠤᠵᠢᠳ ᠤᠳᠠ ᠲᠣᠭᠤᠷᠢᠭ ᠤᠨ ᠰᠢᠩ ᠹᠦ᠋ ᠵᠡᠭᠡᠯᠢ ᠶᠢᠨ ᠪᠠᠭ᠎ᠠ ᠰᠤᠷᠭᠠᠭᠤᠯᠢ᠂

ᠲᠤᠷᠰᠢᠯᠲᠠ ᠶᠢᠨ ᠳᠤᠮᠳᠠᠳᠤ ᠰᠤᠷᠭᠠᠭᠤᠯᠢ ᠪᠣᠯᠤᠨ ᠬᠤᠳᠠ ᠶᠢᠨ ᠠᠷᠪᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂

ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠪᠠᠭᠰᠢ ᠶᠢᠨ ᠬᠦᠴᠦᠨ ᠤ ᠲᠤᠬᠢᠷᠠᠭᠤᠯᠤᠯᠳᠠ᠂ ᠪᠦᠬᠦ ᠪᠠᠶᠢᠷᠢ ᠳᠤ ᠰᠠᠭᠤᠬᠤ

ᠲᠦᠷᠢᠮ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠢ ᠲᠤᠬᠠᠢ ᠶᠢᠨ

ᠭᠠᠵᠠᠷ ᠲᠤᠨᠢ ᠣᠶᠢᠯᠠᠭᠠᠪᠠ᠃

     ᠶᠠᠷᠢᠯᠴᠠᠬᠤ ᠬᠤᠷᠠᠯ ᠳᠡᠭᠡᠷ᠎ᠡ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠬᠤᠲᠠ ᠶᠢᠨ

ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠠᠷᠭ᠎ᠠ

ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠤᠷᠭᠠᠨ ᠬᠥᠮᠦᠵᠢᠯ ᠤᠨ

ᠰᠢᠰᠲ᠋ᠧᠮ ᠤᠨ 6 ᠲᠥᠯᠥᠭᠡᠯᠡᠭᠴᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ

ᠳᠡᠭᠡᠭᠰᠢᠯᠡᠭᠦᠯᠬᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠵᠡᠷᠭᠡ

ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ ᠲᠠᠩ ᠢ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ

ᠤᠯᠠᠨ ᠲᠠᠢ ᠰᠠᠨᠠᠯ ᠢᠶᠠᠨ ᠰᠣᠯᠢᠯᠴᠠᠵᠤ᠂ ᠰᠤᠷᠭᠠᠨ ᠬᠥᠮᠦᠵᠢᠯ ᠤᠨ ᠠᠵᠢᠯ ᠤᠨ ᠶᠠᠰᠤ ᠴᠢᠨᠠᠷ ᠢ ᠴᠢᠨᠠᠭᠰᠢᠳᠠ

ᠰᠠᠶᠢᠵᠢᠷᠠᠭᠤᠯᠤᠨ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠬᠠᠮᠲᠤᠪᠠᠷ ᠰᠤᠳᠤᠯᠤᠨ ᠶᠠᠷᠢᠯᠴᠠᠪᠠ᠃

     ᠲᠠᠩ ᠢ ᠬᠡᠯᠡᠭᠰᠡᠨ ᠨᠢ᠂ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠬᠠᠮᠤᠭ ᠤᠨ ᠴᠢᠬᠤᠯᠠ

ᠠᠰᠠᠭᠤᠳᠠᠯ ᠤᠨ ᠨᠢᠭᠡ ᠮᠥᠨ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠃

ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠶᠢᠨ ᠠᠷᠭ᠎ᠠ

ᠬᠡᠮᠵᠢᠶ᠎ᠡ ᠶᠢ ᠨᠡᠶᠢᠲᠡᠯᠡᠭᠰᠡᠨ ᠠᠴᠠ ᠨᠠᠰᠢ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠪᠠᠯᠠ ᠮᠥᠩᠭᠦ ᠶᠢᠨ

ᠣᠷᠣᠭᠤᠯᠤᠯᠲᠠ ᠦᠷᠭᠦᠯᠵᠢᠯᠡᠨ ᠨᠡᠮᠡᠭᠳᠡᠵᠦ᠂ ᠰᠤᠷᠭᠠᠭᠤᠯᠢ ᠡᠷᠭᠢᠯᠡᠬᠦ ᠨᠥᠬᠦᠴᠡᠯ ᠶᠡᠭᠡ ᠪᠠᠷ ᠰᠠᠶᠢᠵᠢᠷᠠᠨ᠂ ᠰᠤᠷᠭᠠᠨ

ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠰᠤᠷᠭᠠᠨ ᠬᠥᠮᠦᠵᠢᠯ ᠤᠨ

ᠠᠮᠢ ᠠᠬᠤᠶ ᠨᠠᠩ ᠰᠠᠶᠢᠨ ᠪᠣᠯᠵᠣ᠂ ᠣᠯᠠᠨ ᠲᠦᠮᠡᠨ ᠤ ᠰᠤᠷᠭᠠᠨ ᠬᠥᠮᠦᠵᠢᠯ ᠤᠨ ᠲᠤᠬᠠᠶ ᠮᠡᠳᠡᠷᠡᠮᠵᠢ ᠶᠢᠨ ᠬᠡᠮᠵᠢᠶ᠎ᠡ᠂

ᠬᠠᠨᠤᠮᠵᠢ ᠶᠢᠨ ᠬᠡᠮᠵᠢᠶ᠎ᠡ ᠮᠠᠰᠢ ᠶᠡᠭᠡ ᠬᠤᠪᠢᠷᠠᠯᠲᠠ ᠲᠠᠢ ᠪᠣᠯᠤᠭᠰᠠᠨ ᠪᠠᠶᠢᠨ᠎ᠠ᠃ ᠣᠯᠠᠨ ᠢᠶᠠᠷ ᠢᠶᠠᠨ ᠢᠲᠡᠭᠡᠯ

ᠵᠣᠷᠢᠭ ᠢᠶᠠᠨ ᠪᠠᠲᠤᠳᠬᠠᠵᠤ᠂ ᠲᠣᠭᠲᠠᠭᠠᠭᠰᠠᠨ ᠴᠢᠭᠯᠡᠯ ᠬᠠᠷᠠᠯᠲᠠ ᠶᠣᠰᠣᠭᠠᠷ᠂ ᠴᠥᠬᠦᠷᠡᠰᠢ ᠥᠬᠡᠶ ᠠᠳᠬᠤᠵᠤ᠂ ᠡᠯ᠎ᠡ

ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠩ ᠪᠣᠳᠠᠲᠠᠶ ᠨᠠᠶᠢᠳᠠᠪᠤᠷᠢᠵᠢᠭᠤᠯᠵᠤ᠂ ᠰᠤᠷᠭᠠᠨ

ᠬᠥᠮᠦᠵᠢᠯ ᠢ ᠨᠠᠩ ᠰᠠᠶᠢᠲᠤᠷ ᠡᠷᠭᠢᠯᠡᠵᠦ᠂ ᠣᠯᠠᠨ ᠲᠦᠮᠡᠨ ᠤ ᠴᠢᠨᠠᠷ ᠰᠠᠶᠢᠲᠠᠶ ᠰᠤᠷᠭᠠᠨ ᠬᠥᠮᠦᠵᠢᠯ ᠤᠨ ᠬᠡᠷᠡᠭᠴᠡᠭᠡ

ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠬᠤ ᠶᠢ ᠬᠦᠰᠡᠵᠦ ᠪᠠᠶᠢᠨ᠎ᠠ᠃ ᠨᠢᠭᠡ ᠳᠤ᠂ ᠰᠤᠷᠭᠠᠨ ᠬᠥᠮᠦᠵᠢᠯ ᠤᠨ

ᠣᠶᠢᠯᠠᠭᠠᠭᠳᠠᠬᠤᠨ ᠢ ᠲᠤᠤᠱᠯᠠᠭᠤᠯᠬᠤ ᠬᠡᠷᠡᠭᠲᠡᠶ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ

ᠲᠤᠤᠱᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ

ᠨᠠᠶᠢᠳᠠᠪᠤᠷᠢᠵᠢᠭᠤᠯᠵᠤ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠢ

ᠬᠥᠮᠦᠵᠢᠭᠦᠯᠬᠦ ᠬᠠᠷᠠᠯᠲᠠ ᠶᠢ ᠪᠡᠶᠡᠯᠡᠭᠦᠯᠬᠦ ᠪᠠ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ

ᠰᠠᠶᠢᠲᠤᠷ ᠡᠷᠬᠢᠯᠡᠬᠦ ᠲᠠᠢ ᠨᠢᠭᠲᠠ ᠤᠶᠠᠯᠳᠤᠭᠤᠯᠵᠤ᠂ ᠨᠡᠩ ᠤᠯᠠᠨ ᠨᠡᠶᠢᠭᠡᠮ ᠵᠢᠷᠤᠮ ᠤᠨ ᠬᠢᠷᠢ ᠲᠡᠩᠴᠡᠭᠰᠡᠨ

ᠪᠦᠳᠦᠭᠡᠨ ᠪᠠᠶᠢᠭᠤᠯᠤᠭᠴᠢ ᠪᠠ ᠤᠯᠠᠨ ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ

ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠬᠠᠨᠳᠤᠯᠭᠠᠲᠤ ᠴᠢᠨᠠᠷᠲᠠᠢ ᠪᠠᠷ ᠲᠥᠯᠥᠪᠵᠢᠭᠦᠯᠦᠨ

ᠠᠬᠢᠭᠤᠯᠵᠤ᠂ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ ᠲᠡᠩᠴᠡᠭᠦᠷᠢᠲᠡᠢ ᠪᠠᠶᠢᠬᠤ ᠶᠢ ᠨᠡᠩ ᠰᠠᠶᠢᠲᠤᠷ

ᠠᠬᠢᠭᠤᠯᠬᠤ ᠬᠡᠷᠡᠭᠲᠡᠢ︔ ᠠᠪᠢᠶᠠᠰ ᠲᠤᠨᠢ ᠲᠤᠬᠢᠷᠠᠭᠤᠯᠤᠨ ᠵᠢᠭᠠᠨ ᠰᠤᠷᠭᠠᠬᠤ ᠶᠢ ᠪᠠᠷᠢᠮᠲᠠᠯᠠᠵᠤ᠂ ᠤᠯᠠᠨ ᠡᠰᠢᠲᠦ

ᠰᠤᠷᠭᠠᠨ ᠬᠥᠮᠦᠵᠢᠯ ᠤᠨ ᠪᠠᠶᠢᠳᠠᠯ ᠢ ᠪᠤᠢ ᠪᠣᠯᠭᠠᠵᠤ᠂ ᠰᠤᠷᠤᠭᠴᠢ ᠨᠢᠭᠡᠪᠦᠷᠢ ᠶᠢᠨ ᠳᠠᠯᠳᠠ ᠬᠦᠴᠦᠨ ᠢ ᠭᠦᠢᠴᠡᠳ

ᠬᠥᠭᠵᠢᠭᠡᠵᠦ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ︔ ᠨᠡᠭᠡᠭᠡᠯᠲᠡ ᠲᠠᠢ ᠪᠠᠷ

ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠡᠷᠢᠭᠦᠨ ᠤ ᠭᠠᠵᠠᠷ ᠣᠷᠣᠨ ᠤ ᠰᠠᠶᠢᠨ

ᠲᠤᠷᠰᠢᠯᠭ᠎ᠠ ᠰᠠᠶᠢᠨ ᠠᠷᠭ᠎ᠠ ᠬᠢᠳᠡᠯ ᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠲᠤᠯᠢᠳᠠᠵᠤ᠂ ᠰᠤᠷᠭᠠᠨ ᠬᠥᠮᠦᠵᠢᠯ

ᠵᠢᠭᠠᠨ ᠰᠤᠷᠭᠠᠯᠲᠠ ᠶᠢᠨ ᠲᠦᠪᠰᠢᠨ ᠢᠶᠠᠨ ᠦᠷᠭᠦᠯᠵᠢᠯᠡᠨ ᠰᠠᠶᠢᠵᠢᠷᠠᠭᠤᠯᠤᠨ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂

ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠬᠤ ᠬᠡᠷᠡᠭᠲᠡᠶ᠃ ᠲᠣᠭᠲᠠᠯ ᠬᠦᠴᠦᠨ ᠢᠶᠠᠨ ᠪᠠᠲᠤᠯᠠᠵᠤ᠂ ᠯᠠᠪᠳᠠᠭᠤᠨ

ᠲᠣᠭᠲᠠᠭᠤᠨ ᠢᠶᠠᠷ ᠠᠰᠠᠭᠤᠳᠠᠯ ᠢ ᠰᠤᠳᠤᠯᠵᠤ᠂ ᠠᠰᠠᠭᠤᠳᠠᠯ ᠢ ᠰᠢᠢᠳᠪᠦᠷᠢᠯᠡᠵᠦ᠂ ᠬᠠᠳᠠᠭᠠᠰᠤ ᠬᠠᠳᠠᠬᠤ ᠵᠣᠷᠢᠭ

ᠰᠠᠨᠠᠭ᠎ᠠ ᠪᠠᠷ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ

ᠬᠡᠷᠡᠭᠲᠡᠶ︔ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠪᠠᠭᠰᠢ ᠶᠢᠨ

ᠡᠩᠨᠡᠭᠡᠨ ᠤ ᠪᠠᠶᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠵᠡᠷᠭᠡ ᠲᠠᠯ᠎ᠠ ᠶᠢᠨ

ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠥᠷᠢᠯᠡᠬᠦ ᠬᠡᠷᠡᠭᠲᠡᠢ︔ ᠰᠢᠨ᠎ᠡ ᠬᠤᠪᠢᠷᠠᠯᠲᠠ᠂ ᠰᠢᠨ᠎ᠡ

ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠪᠠᠭᠰᠢ ᠶᠢᠨ ᠡᠩᠨᠡᠭᠡ᠂ ᠰᠤᠷᠭᠠᠨ ᠬᠥᠮᠦᠵᠢᠯ ᠤᠨ

ᠬᠠᠮᠢᠶᠠᠷᠤᠯᠲᠠ ᠶᠢᠨ ᠡᠩᠨᠡᠭᠡ᠂ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠬᠠᠢ

ᠮᠡᠷᠭᠡᠵᠢᠯ ᠤᠨ ᠴᠢᠳᠠᠪᠤᠷᠢ ᠶᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ

ᠠᠵᠢᠯ ᠤᠨ ᠬᠡᠷᠡᠭᠴᠡᠭᠡ ᠳᠤ ᠨᠡᠩ ᠰᠠᠶᠢᠲᠤᠷ ᠵᠣᠬᠢᠴᠠᠭᠤᠯᠬᠤ ᠬᠡᠷᠡᠭᠲᠡᠢ᠃ ᠭᠤᠷᠪᠠ ᠳᠤ᠂ ᠰᠤᠷᠭᠠᠨ ᠬᠥᠮᠦᠵᠢᠯ ᠤᠨ

ᠰᠠᠭᠤᠷᠢ ᠪᠠᠨ ᠪᠠᠲᠤᠳᠬᠠᠬᠤ ᠬᠡᠷᠡᠭᠲᠡᠢ᠃ ᠴᠢᠳᠠᠪᠤᠷᠢᠲᠠᠨ ᠢ ︽ᠣᠷᠣᠭᠤᠯᠬᠤ ᠬᠥᠮᠥᠵᠢᠭᠦᠯᠬᠦ ᠬᠠᠮᠢᠶᠠᠷᠬᠤ ᠬᠡᠷᠡᠭᠯᠡᠬᠦ

ᠦᠯᠡᠳᠡᠭᠡᠬᠦ︾ ᠡᠷᠴᠢᠮ ᠢᠶᠠᠨ ᠴᠢᠩᠭᠠᠷᠠᠭᠤᠯᠵᠤ᠂ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ

ᠲᠡᠭᠦᠯᠳᠡᠷᠵᠢᠭᠦᠯᠦᠨ᠂ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠥᠷᠭᠡᠨ ᠣᠯᠠᠨ ᠪᠠᠭᠰᠢ ᠨᠠᠷ ᠤᠨ ᠨᠢᠭᠡ

ᠰᠡᠳᠬᠢᠯ ᠨᠢᠭᠡ ᠵᠣᠷᠢᠭ ᠢᠶᠠᠷ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠨᠡᠩ ᠰᠠᠶᠢᠲᠤᠷ ᠠᠳᠬᠤᠬᠤ ᠶᠢ

ᠪᠠᠲᠤᠯᠠᠬᠤ ᠬᠡᠷᠡᠭᠲᠡᠢ︔ ᠰᠤᠷᠤᠭᠴᠢ ᠶᠢᠨ ᠢᠷᠡᠯᠲᠡ ᠶᠢᠨ ᠰᠠᠭᠤᠷᠢ ᠪᠠᠨ ᠪᠠᠬᠢᠵᠢᠭᠦᠯᠵᠦ᠂ ᠰᠣᠷᠣᠭᠴᠢ ᠶᠢᠨ

ᠢᠷᠡᠯᠲᠡ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠢ︔ ᠰᠤᠷᠭᠠᠭᠤᠯᠢ ᠶᠢᠨ ᠵᠠᠬᠢᠷᠤᠯ ᠤᠨ ᠡᠩᠨᠡᠭᠡ᠂

ᠵᠠᠩᠭᠢᠯᠠᠭ᠎ᠠ ᠶᠢᠨ ᠺᠠᠳ᠋ᠷ᠂ ᠪᠠᠭᠰᠢ ᠶᠢᠨ ᠡᠩᠨᠡᠭᠡ ᠵᠡᠷᠭᠡ ᠴᠢᠳᠠᠪᠤᠷᠢᠲᠠᠨ ᠤ ᠱᠠᠲᠤᠯᠢᠭ ᠡᠩᠨᠡᠭᠡ ᠶᠢᠨ ᠪᠠᠶᠢᠭᠤᠯᠤᠯᠲᠠ ᠪᠠᠨ

ᠴᠢᠩᠭᠠᠳᠬᠠᠵᠤ᠂ ᠡᠮᠬᠢ ᠵᠢᠷᠤᠮ ᠲᠠᠢ ᠵᠣᠯᠭᠠᠭᠤᠯᠬᠤ᠂ ᠦᠷᠭᠦᠯᠵᠢᠯᠡᠨ ᠬᠥᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃

ᠲᠦᠷᠪᠡ ᠳᠤ᠂ ᠰᠤᠷᠭᠠᠨ ᠬᠥᠮᠦᠵᠢᠯ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠢ᠃ ᠡᠯ᠎ᠡ ᠱᠠᠲᠤ ᠡᠯ᠎ᠡ

ᠰᠠᠯᠠᠭ᠎ᠠ ᠮᠥᠴᠢᠷ ᠨᠢᠭᠡᠴᠡ ᠨᠦᠭᠦᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠤᠷᠭᠠᠨ ᠬᠥᠮᠦᠵᠢᠯ ᠢ

ᠰᠠᠶᠢᠲᠤᠷ ᠠᠳᠬᠤᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤᠪᠠᠷ ᠪᠣᠶ ᠪᠣᠯᠭᠠᠵᠤ᠂ ᠠᠷᠠᠳ ᠣᠯᠠᠨ ᠳᠤ ᠮᠠᠨ ᠤ

ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠣᠯᠤᠭᠰᠠᠨ ᠢᠳᠡᠪᠬᠢᠲᠡᠶ ᠦᠷ᠎ᠡ

ᠪᠦᠲᠦᠮᠵᠢ ᠶᠢ ᠣᠶᠢᠯᠠᠭᠠᠭᠤᠯᠵᠤ᠂ ᠦᠬᠠᠶ ᠶᠢᠨ ᠰᠤᠷᠭᠠᠨ ᠬᠥᠮᠦᠵᠢᠯ ᠤᠨ ᠠᠷᠠᠳ ᠣᠯᠠᠨ ᠤ ᠰᠡᠳᠬᠢᠯ ᠳᠠᠬᠢ

ᠨᠥᠯᠥᠭᠡᠯᠡᠬᠦ ᠬᠦᠴᠦᠨ᠂ ᠢᠳᠡᠭᠡᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠰ ᠭᠠᠵᠠᠷ ᠤᠨ

ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠥᠷᠭᠡᠨ ᠣᠯᠠᠨ ᠲᠦᠮᠡᠨ ᠤ ᠲᠤᠮᠳᠠ ᠨᠠᠩ ᠰᠠᠶᠢᠲᠤᠷ

ᠲᠦᠭᠡᠮᠡᠯᠵᠢᠭᠦᠯᠵᠦ ᠣᠯᠠᠨ ᠲᠦᠮᠡᠨ ᠳᠤ ᠲᠦᠭᠡᠮᠡᠯ ᠬᠠᠷᠠᠭᠠᠯᠵᠠᠯ ᠦᠵᠡᠬᠦᠯᠬᠦ ᠬᠡᠷᠡᠭᠲᠡᠶ ᠬᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号