ᠲᠡᠦᠭᠡᠨ ᠣᠯᠠᠷᠢᠯ ︵ᠠᠷᠪᠠᠨ ᠭᠤᠷᠪᠠ︶
ᠨᠡᠶᠢᠲᠡᠯᠡᠭᠰᠡᠨ ᠴᠠᠭ᠄
2024/7/2
ᠲᠡᠦᠭᠡᠨ ᠣᠯᠠᠷᠢᠯ ︵ᠠᠷᠪᠠᠨ ᠭᠤᠷᠪᠠ︶      1989 ᠣᠨ      1 ᠰᠠᠷ᠎ᠠ ᠶᠢᠨ 1 ᠤ ᠡᠳᠦᠷ᠂ ᠣᠯᠣᠰ ᠤᠨ ᠭᠠᠳᠠᠭᠠᠳᠤ ᠭᠤᠪᠢᠭᠤᠯᠤᠯ ᠤᠨ ᠬᠠᠮ‍‌ᠵᠶᠠᠷᠤᠯᠳᠡ ᠶᠢᠨ ᠲᠤᠪᠴ‍‌ᠵᠶ᠎ᠡ  ᠶᠢᠨ ᠦᠬᠠᠢ ᠳᠠᠬᠢ ᠬᠤᠪᠢᠶᠠᠷᠢ ᠲᠤᠪᠴᠢᠶ᠎ᠠ ᠪᠠᠶᠢᠭᠤᠯᠤᠭᠳᠠᠪᠠ᠃      2 ᠰᠠᠷ᠎ᠠ ᠶᠢᠨ 20 ᠤ ᠡᠳᠦᠷ᠂ ᠬᠠᠳᠣᠨ ᠭᠤᠤᠯ ᠤᠨ ᠣᠰᠣᠨ ᠲᠦᠪᠰᠢᠨ1.5 ᠮᠧᠲᠷ ᠣᠷᠴᠢᠮ ᠲᠡᠭᠡᠭᠰᠢᠯᠡᠵᠦ᠂ ᠦᠶᠡᠷ ᠤᠨ ᠣᠰᠣ ᠵᠠᠷᠢᠮ ᠬᠠᠰᠢᠯᠭ᠎ᠠ ᠶᠢᠨ ᠰᠡᠳᠡᠷᠭᠡᠢ ᠪᠠᠷ ᠪᠢᠯᠬᠠᠷᠠᠨ ᠭᠠᠷᠴᠦ᠂ ᠵᠢᠦ ᠳᠢᠶᠠᠨ ᠸᠠᠨ᠂ ᠬᠤᠸᠠᠩ ᠪᠠᠢ ᠽᠢ ᠬᠢᠭᠡᠳ ᠳ᠋ᠠ ᠵᠦᠩ ᠲᠠᠨ ᠤᠷᠴᠢᠮ ᠤᠨ ᠬᠡᠰᠡᠭ ᠤᠨ ᠲᠠᠷᠢᠶᠠᠨ ᠭᠠᠵᠠᠷ ᠦᠶᠡᠷ ᠲᠤ ᠠᠪᠳᠠᠪᠠ᠃      3 ᠰᠠᠷ᠎ᠠ ᠶᠢᠨ 9 ᠤ ᠡᠳᠦᠷ᠂ ᠪᠦᠬᠦ ᠬᠤᠳᠠ ᠶᠢᠨ ᠵᠢᠵᠢᠭ ᠨᠡᠭᠦᠷᠡᠰᠦᠨ ᠠᠭᠤᠷᠬᠠᠢ ᠶᠢ ᠴᠡᠭᠴᠡᠯᠡᠬᠦ ᠠᠵᠢᠯ ᠤᠨ ᠬᠤᠷᠠᠯᠳᠣᠭᠠᠨ ᠬᠢᠵᠦ᠂ ᠵᠢᠵᠢᠭ ᠨᠡᠭᠦᠷᠡᠰᠦᠨ ᠠᠭᠤᠷᠬᠠᠢ ᠳᠤ ᠴᠡᠭᠴᠡᠯᠡᠯᠳᠡ ᠬᠢᠵᠦ ᠡᠬᠢᠯᠡᠪᠡ᠃      5 ᠰᠠᠷ᠎ᠠ ᠶᠢᠨ 27 ᠤ ᠡᠳᠦᠷ᠂ ᠦᠬᠠᠢ ᠬᠤᠳᠠ ᠶᠢᠨ ᠪᠠᠷᠠᠭᠤᠨ ᠣᠷᠠᠨ ᠲᠦᠰᠢ ᠶᠢᠨ ᠱᠦᠢᠨᠢ ᠶᠢᠨ ᠦᠢᠯᠡᠳᠪᠦᠷᠢ᠂ ᠴᠡᠭᠡᠯ ᠠᠭᠤᠯᠠᠨ ᠤ ᠪᠤᠯᠤᠳ ᠲᠡᠮᠦᠷ ᠤᠨ ᠦᠢᠯᠡᠳᠪᠦᠷᠢ ᠶᠢᠨ ᠱᠦᠢᠨᠢ ᠶᠢᠨ ᠦᠢᠯᠡᠳᠪᠦᠷᠢ ᠶᠢ ᠦᠪᠡᠷᠳᠡᠭᠡᠨ ᠵᠠᠰᠠᠬᠤ ᠤᠷᠤᠨ ᠠᠴᠠ ᠴ‍‌ᠵᠨᠠᠷ ᠴ‍‌ᠵᠠᠰᠠᠭ᠎ᠠ ᠣᠨᠴᠠ ᠰᠠᠶᠢᠳᠠᠢ ᠠᠵᠤ ᠠᠬᠤᠶᠢᠯᠡᠯ ᠢᠶᠠᠷ ᠬᠦᠬᠢᠬᠦᠯᠪᠡ᠃ ᠪᠠᠷᠠᠭᠤᠨ ᠤᠷᠠᠨ ᠲᠦᠰᠢ ᠶᠢᠨ ᠱᠦᠢᠨᠢ ᠶᠢᠨ ᠦᠢᠯᠡᠳᠪᠦᠷᠢ ᠵᠣᠷᠰᠢᠮᠠᠯ ᠪᠠᠶᠢᠴᠠᠭᠠᠯᠳᠠ ᠳᠤ 997.4 ᠬᠤᠪᠢ ᠤᠯᠵᠤ᠂ ᠪᠦᠬᠦ ᠤᠷᠤᠨ ᠤ ᠲᠡᠷᠢᠬᠦᠨ ᠳᠤ ᠪᠠᠶᠢᠷᠢᠯᠠᠪᠠ᠃ ᠴᠡᠭᠡᠯ ᠠᠭᠤᠯᠠᠨ ᠤ ᠪᠤᠯᠤᠳ ᠲᠡᠮᠦᠷ ᠤᠨ ᠦᠢᠯᠡᠳᠪᠦᠷᠢ ᠶᠢᠨ ᠱᠦᠢᠨᠢ ᠶᠢᠨ ᠦᠢᠯᠡᠳᠪᠦᠷᠢ ᠵᠤᠷᠰᠢᠮᠠᠯ ᠪᠠᠶᠢᠴᠠᠭᠠᠯᠳᠠ ᠳᠤ 874.6 ᠬᠤᠪᠢ ᠤᠯᠵᠤ᠂ ᠪᠦᠬᠦ ᠤᠷᠤᠨ ᠤ ᠬᠤᠶᠠᠳᠣᠭᠠᠷ ᠲᠤ ᠪᠠᠶᠢᠷᠢᠯᠠᠪᠠ᠃      5 ᠰᠠᠷ᠎ᠠ ᠶᠢᠨ 31 ~ 6 ᠰᠠᠷ᠎ᠠ ᠶᠢᠨ 7 ᠤ ᠡᠳᠦᠷ᠂ ᠳᠦ᠋ᠮᠳᠡᠳᠦ ᠤᠯᠦᠰ ᠤᠨ ᠠᠷᠡᠳ ᠤᠨ ᠤᠯᠦᠰ ᠳᠦᠷᠦ ᠶᠢᠨ ᠵᠦᠪᠯᠨᠯᠭᠡᠨ ᠤ ᠦᠬᠠᠢ ᠭ᠋ᠤᠳᠡ ᠶᠢᠨ ᠭᠤᠷᠪᠠᠳᠣᠭᠠᠷ ᠬᠤᠭᠤᠴᠠᠭᠠᠨ ᠤ ᠵᠦᠪᠯᠨᠯ ᠤᠨ ᠨᠢᠭᠡᠳᠦᠭᠡᠷ ᠤᠳᠠᠭᠠᠨ ᠤ ᠬᠤᠷᠠᠯᠳᠣᠭᠠᠨ ᠬᠤᠷᠠᠯᠳᠣᠵᠣ᠂ ᠰᠢᠨ᠎ᠡ ᠨᠢᠭᠡᠨ ᠬᠤᠭᠤᠴᠠᠭᠠᠨ ᠤ ᠣᠯᠣᠰ ᠲᠦᠷᠦ ᠶᠢᠨ ᠵᠦᠪᠯᠡᠯᠭᠡᠨ ᠤ ᠤᠳᠣᠷᠢᠣᠠᠬᠤ ᠪᠠᠭ ᠶᠢ ᠰᠣᠩᠭᠤᠨ ᠭᠠᠷᠭᠠᠪᠠ᠃ ᠸᠠᠩ ᠫᠸᠢ ᠷᠠᠨ ᠬᠤᠳᠠ ᠶᠢᠨ ᠣᠯᠣᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠪᠠᠷ ᠰᠣᠩᠭᠤᠭᠳᠠᠪᠠ᠃      5 ᠰᠠᠷ᠎ᠠ᠂ ᠤᠳᠠ ᠶᠢᠨ ᠨᠡᠭᠦᠷᠡᠰᠦᠨ ᠠᠭᠤᠷᠬᠠᠢ ᠶᠢᠨ ᠠᠵᠢᠯᠳᠠᠨ ᠤ ᠶᠡᠭᠡ ᠰᠣᠷᠭᠠᠭᠤᠯᠢ ᠶᠢᠨ ᠴᠦᠭᠡᠨ ᠲᠤᠭᠠᠨ ᠤ ᠪᠠᠭᠰᠢ ᠰᠣᠷᠣᠭᠴᠢ ᠪᠡᠭᠡᠵᠢᠩ ᠤᠨ ᠦᠢᠮᠡᠭᠡᠨ ᠤ ᠨᠦᠯᠦᠬᠡ ᠠᠴᠠ ᠪᠤᠯᠵᠤ ᠵᠡᠬᠡᠯᠢ ᠳᠤ ᠭᠠᠷᠴᠣ ᠵᠢᠭᠰᠠᠭᠠᠯ ᠶᠠᠪᠤᠭᠤᠯᠪᠠ᠃      6 ᠰᠠᠷ᠎ᠠ ᠶᠢᠨ 2 ~ 12 ᠤ ᠡᠳᠦᠷ᠂ ᠦᠬᠠᠢ ᠬᠤᠳᠠ ᠶᠢᠨ ᠭᠤᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠣᠪᠠ᠃ ᠶᠡᠭᠡ ᠬᠤᠷᠠᠯ ᠠᠴᠠ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠠᠷᠠᠳ ᠤᠨ ᠲᠦᠯᠦᠭᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶ᠎ᠠ᠂ ᠬᠤᠳᠠ ᠶᠢᠨ ᠲᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠭᠡᠯ ᠢ ᠰᠣᠨᠣᠰᠣᠨ ᠬᠢᠨᠠᠨ ᠵᠦᠪᠯᠡᠪᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠠᠷᠠᠳ ᠵᠠᠰᠠᠭ ᠤᠨ ᠤᠷᠳᠤᠨ ᠤ ᠤᠳᠤᠷᠢᠳᠬᠤ ᠪᠠᠭ ᠵᠢᠴᠢ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠶᠢ ᠰᠢᠨ᠎ᠡ ᠪᠠᠷ ᠰᠣᠩᠭᠤᠨ ᠭᠠᠷᠭᠠᠪᠠ᠃ ᠪᠠᠭᠠᠲᠤᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ  ᠤ ᠡᠷᠬᠢᠯᠡᠭᠴᠢ ᠪᠠᠷ ᠰᠤᠩᠭᠤᠭᠳᠠᠵᠤ᠂ ᠭᠤᠤ ᠱᠸᠤ ᠶᠤᠤ ᠬᠤᠳᠠ ᠶᠢᠨ ᠲᠠᠷᠤᠭ᠎ᠠ ᠪᠠᠷ ᠰᠣᠩᠭᠤᠭᠳᠠᠵᠤ᠂ ᠵᠢᠶᠠ ᠭᠤᠸᠠᠩ ᠶᠤᠸᠠᠨ ᠬᠤᠳᠠ ᠶᠢᠨ ᠲᠤᠮᠳᠠ ᠵᠡᠷᠭᠡ ᠶᠢᠨ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ ᠪᠠᠷ ᠰᠣᠩᠭᠤᠭᠳᠠᠵᠤ᠂ ᠵᠠᠩ ᠹᠧᠩ ᠴᠦᠨ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠪᠠᠷ ᠰᠤᠩᠭᠤᠭᠳᠠᠪᠠ᠃      7 ᠰᠠᠷ᠎ᠠ ᠶᠢᠨ 21 ᠤ ᠡᠳᠦᠷ᠂ ᠦᠬᠠᠢ ᠬᠤᠳᠠ ᠶᠢᠨ ᠠᠩᠬᠠᠳᠠᠭᠴᠢ ᠦᠪᠡᠰᠦᠪᠡᠨ ᠰᠤᠩᠭᠤᠬᠤ ᠬᠤᠳᠠᠯᠳᠣᠭᠠᠨ ᠤ ᠲᠠᠯᠠᠪᠠᠢ ᠬᠤᠳᠠᠯᠳᠤᠭ᠎ᠠ ᠡᠬᠢᠯᠡᠪᠡ᠃ ᠲᠤᠰ ᠬᠤᠳᠠᠯᠳᠣᠭᠠᠨ ᠤ ᠲᠠᠯᠠᠪᠠᠢ ᠶᠢᠨ ᠡᠵᠡᠩᠨᠡᠯᠳᠡ ᠶᠢᠨ ᠲᠠᠯᠠᠪᠠᠢ 200 ᠭᠠᠷᠣᠢ ᠲᠡᠭᠰᠢ ᠲᠦᠷᠪᠡᠯᠵᠢᠨ ᠮᠧᠲᠷ ᠪᠠᠶᠢᠵᠤ᠂ ᠭᠤᠤᠯᠳᠠᠭᠤ ᠰᠢᠬᠢᠷ᠂ ᠭᠤᠸᠠᠨᠲᠸᠤ᠂ ᠰᠣᠯᠠ ᠢᠳᠡᠭᠡᠨ᠂ ᠤᠮᠳᠠᠭᠠᠨ᠂ ᠠᠷᠢᠬᠢᠨ ᠤ ᠵᠦᠢᠯ᠂ ᠠᠮᠲᠠ ᠣᠷᠣᠭᠤᠯᠬᠤ ᠵᠦᠢᠯ᠂ ᠬᠠᠲᠠᠭᠠᠮᠠᠯ ᠵᠢᠮᠢᠰ ᠰᠣᠷᠭᠤᠭ ᠵᠢᠮᠢᠰ ᠵᠡᠷᠭᠡ 9 ᠶᠡᠭᠡ ᠲᠦᠷᠦᠯ ᠤᠨ 1000 ᠭᠠᠷᠣᠢ ᠵᠦᠢᠯ ᠤᠨ ᠲᠠᠸᠠᠷ ᠡᠵᠡᠩᠨᠡᠳᠡᠭ᠃      8 ᠰᠠᠷ᠎ᠠ ᠶᠢᠨ 11 ~ 12᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠲᠡᠷᠢᠬᠦᠯᠡᠭᠴᠢ ᠪᠦᠬᠡ ᠦᠬᠠᠢ ᠳᠤ ᠢᠷᠡᠵᠦ ᠠᠵᠢᠯ ᠪᠠᠶᠢᠴᠠᠭᠠᠪᠠ᠃      8 ᠰᠠᠷ᠎ᠠ ᠶᠢᠨ 25 ᠤ ᠡᠳᠦᠷ᠂ ᠣᠯᠣᠰ ᠤᠨ ᠡᠳ᠋ ᠤᠨ ᠵᠠᠰᠠᠭ ᠤᠨ ᠶᠠᠮᠤᠨ ᠤ ᠲᠡᠳ᠋ ᠲᠠᠷᠤᠭ᠎ᠠ ‍ᠤᠤᠢ ᠬᠠᠢ ᠪᠢᠨ ᠲᠠᠢ ᠬᠠᠮᠲᠤ ᠶᠠᠪᠤᠭ᠎ᠠ 5 ᠬᠦᠮᠦᠨ ᠦᠬᠠᠢ ᠳᠤ ᠢᠷᠡᠵᠦ᠂ ᠭᠤᠤ ᠱᠸᠤ ᠶᠤᠤ ᠦᠬᠠᠢ ᠬᠤᠳᠠ ᠶᠢᠨ ᠠᠵᠤ ᠠᠬᠤᠢ  ᠶᠢᠨ ᠬᠦᠭᠵᠢᠯᠳᠡ ᠪᠤᠯᠤᠨ ᠵᠠᠰᠠᠭ ᠤᠨ ᠶᠠᠪᠤᠳᠠᠯ ᠤᠨ ᠣᠷᠣᠯᠭ᠎ᠠ ᠵᠠᠷᠣᠯᠭ᠎ᠠ ᠶᠢᠨ ᠲᠤᠬᠠᠢ ᠬᠠᠷᠢᠭᠤ ᠮᠡᠳᠡᠭᠦᠯᠦᠯᠳᠡ ᠬᠢᠪᠡ᠃      ᠲᠤᠰ ᠰᠠᠷ᠎ᠠ᠂ ᠲᠤᠮᠳᠠᠳᠤ ᠤᠯᠤᠰ ᠤᠨ ᠠᠷᠠᠤᠠᠴ‍‌ᠵᠯᠠᠯ ᠢ ᠠᠭᠢᠭᠤᠯᠬᠤ ᠬᠤᠷᠠᠯ ᠤᠨ ᠦᠬᠠᠢ ᠬᠤᠳᠠ ᠶᠢᠨ ᠡᠭᠦᠷ ᠪᠠᠶᠢᠭᠤᠯᠤᠭᠳᠠᠪᠠ᠃      9 ᠰᠠᠷ᠎ᠠ ᠶᠢᠨ 29 ᠤ ᠡᠳᠦᠷ᠂ ᠭᠤᠷᠪᠠᠨ ᠲᠤᠭᠤᠷᠢᠭ ᠲᠤ ᠬᠤᠳᠡ ᠲᠤᠳᠤᠷᠠᠬᠢ ᠳ᠋‍‌ᠵᠶᠠᠩᠬᠤᠸᠡ ᠬᠠᠷᠢᠯᠴᠠᠨ ᠬᠤᠯᠪᠤᠵᠤ ᠨᠡᠪᠳᠡᠷᠡᠪᠡ᠃      10 ᠰᠠᠷ᠎ᠠ ᠶᠢᠨ 10 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠷ‍‌ᠵᠶᠠᠯᠠᠩ ᠤᠨ ᠵᠠᠰᠠᠭ ᠵᠠᠭᠢᠷᠭᠠᠡ ᠤ ᠤᠷᠤᠡ ᠤ ᠬᠤᠪᠢᠶᠠᠷᠢ ᠶᠢᠨ ᠵᠦᠪᠯᠠᠯ ᠤᠨ ᠬᠡᠰᠢᠭᠦᠨ ᠪᠤᠶᠠᠨᠪᠠᠲᠤ᠂ ᠲᠤᠭ᠂ ᠯᠢᠨ ᠷᠤ᠋ ᠭᠧᠩ ᠵᠢᠴᠢ ᠬᠠᠮᠢᠶ᠎ᠠ ᠪᠦᠬᠦᠢ ᠮᠡᠷᠭᠡᠵᠢᠯᠳᠡᠨ ᠵᠡᠷᠭᠡ 15 ᠬᠦᠮᠦᠨ ᠬᠠᠶᠢᠷᠣᠪ ᠤᠨ ᠲᠤᠬᠤᠢ ᠳᠤ ᠬᠤᠷᠠᠯᠳᠣᠭᠰᠠᠨ ︽ᠦᠬᠠᠢ ᠬᠤᠳᠠ  ᠶᠢᠨ ᠲᠠᠷ‍‌ᠵᠶᠠᠯᠠᠩ ᠤᠨ ᠵᠠᠰᠠᠭ ᠵᠠᠭᠢᠷᠭᠠᠡ ᠤ ᠤᠷᠤᠡ ᠤ ᠬᠤᠪᠢᠶᠠᠷᠢ ᠶᠢᠨ ᠪᠦᠲᠦᠮᠵᠢ ᠶᠢ ᠰᠢᠯᠭᠠᠨ ᠬᠤᠷᠢᠶᠠᠬᠤ ᠬᠤᠷᠠᠯ︾ ᠳᠤ ᠤᠷᠤᠯᠴᠠᠪᠠ᠂ ᠬᠤᠷᠠᠯ ᠠᠴᠠ ︽ᠦᠬᠠᠢ ᠬᠤᠳᠠ ᠶᠢᠨ ᠲᠠᠷ‍‌ᠵᠶᠠᠯᠠᠩ ᠤᠨ ᠵᠠᠰᠠᠭ ᠵᠠᠭᠢᠷᠭᠠᠡ ᠤ ᠤᠷᠤᠡ ᠤ ᠬᠤᠪᠢᠶᠠᠷᠢᠯᠠᠯ︾ ᠢ ᠪᠠᠲᠤᠯᠠᠪᠠ᠃      11 ᠰᠠᠷ᠎ᠠ ᠶᠢᠨ 25 ᠤ ᠡᠳᠦᠷ᠂ ᠲᠤᠮᠳᠠᠲᠤ ᠤᠯᠤᠰ ᠤᠨ ᠨᠡᠭᠦᠷᠡᠰᠦᠨ ᠠᠭᠤᠷᠬᠠᠢ ᠶᠢ ᠨᠢᠭᠡᠳᠦᠯᠲᠡᠢ ᠲᠣᠬᠢᠷᠠᠭᠤᠯᠬᠤ ᠶᠡᠷᠦᠩᠬᠡᠢ ᠺᠤᠮᠫᠠᠨᠢ ᠶᠢᠨ ᠶᠡᠷᠦᠩᠬᠡᠢ ᠬᠠᠮᠢᠶᠠᠷᠣᠭᠴᠢ ᠢᠦᠢ ᠬᠤᠩ ᠡᠸ᠋ᠨ ᠲᠠᠢ ᠬᠠᠮᠲᠤ 6 ᠬᠦᠮᠦᠨ ᠦᠬᠠᠢ ᠳᠤ ᠢᠷᠡᠵᠦ᠂ ᠬᠠᠶᠢᠷᠣᠪ ᠤᠨ ᠲᠤᠬᠤᠢ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶ᠎ᠠ ᠬᠢᠭᠡᠳ ᠤᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶᠠᠨ ᠳᠤ ᠠᠵᠢᠯ ᠪᠠᠶᠢᠴᠠᠭᠠᠪᠠ᠃      ᠲᠤᠰ ᠰᠠᠷ᠎ᠠ᠂ ᠦᠬᠠᠢ ᠬᠤᠳᠠ ᠠᠴᠠ ᠭᠠᠵᠠᠷ ᠰᠢᠷᠣᠢ ᠠᠭᠤᠷᠬᠠᠢ ᠶᠢᠨ ᠡᠬᠢ ᠪᠠᠶᠠᠯ‍‌ᠵᠭ᠋ ᠲᠤ ᠨᠢᠭᠡᠳᠦᠯᠳᠡᠢ ᠬᠠᠮᠢᠶᠠᠷᠤᠯᠳᠠ ᠬᠡᠷᠡᠭᠵᠢᠬᠦᠯᠪᠡ᠃      ᠲᠤᠰ ᠵᠢᠯ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠶᠢᠯᠠᠯ ᠤᠨ ᠲᠦᠷᠦᠯ ᠵᠦᠢᠯ ᠬᠤᠪᠢᠶᠠᠬᠤ ᠶᠢ ᠵᠤᠭᠢᠴᠠᠭᠤᠯᠬᠤ ᠲᠤᠭᠤ‍‌ᠵ‍‌ᠵᠯᠠᠩ ᠠᠴᠠ ᠦᠬᠠᠢ ᠬᠤᠳᠠ ᠶᠢᠨ ᠪᠠᠷᠠᠭᠤᠨ ᠤᠷᠠᠨ ᠲᠦᠰᠢ ᠠᠭᠤᠯᠠᠨ ᠤ ᠱᠦᠢᠨᠢ ᠶᠢᠨ ᠦᠢᠯᠡᠳᠪᠦᠷᠢ᠂ ᠬᠠᠶᠢᠷᠣᠪ ᠤᠨ ᠲᠤᠬᠤᠢ ᠶᠢᠨ ᠰᠢᠯ ᠤᠨ ᠦᠢᠯᠡᠳᠪᠦᠷᠢ ᠶᠢ ᠦᠪᠡᠷᠳᠡᠭᠡᠨ ᠵᠠᠰᠠᠬᠤ ᠤᠷᠤᠨ ᠤ ᠲᠤᠮᠤ ᠬᠡᠯᠪᠡᠷᠢ ᠶᠢᠨ ᠬᠤᠶᠠᠳᠣᠭᠠᠷ ᠲᠡᠰ ᠤᠨ ᠠᠵᠤ ᠠᠬᠤᠶᠢᠯᠠᠯ᠃ ᠬᠤᠳᠠ ᠶᠢᠨ ᠬᠢᠮᠢ ᠶᠢᠨ ᠦᠢᠯᠡᠳᠪᠦᠷᠢ ᠶᠢ ᠲᠤᠮᠳᠠ ᠬᠡᠯᠪᠡᠷᠢ ᠶᠢᠨ ᠨᠢᠭᠡᠳᠦᠭᠡᠷ ᠲᠡᠰ ᠤᠨ ᠠᠵᠤ ᠠᠬᠤᠶᠢᠯᠠᠯ᠃ ᠦᠪᠦᠷ ᠮᠤᠩᠭᠤᠯ ᠤᠨ ᠨᠢᠭᠡᠳᠦᠭᠡᠷ᠂ ᠬᠤᠶᠠᠳᠣᠭᠠᠷ ᠨᠠᠶᠢᠳᠠᠮ ᠭᠡᠷᠡᠭᠴᠠᠭᠡᠡ ᠤ ᠮᠠᠰ‍‌ᠵᠡ ᠤ ᠤ‍‌ᠵ‍‌ᠵᠯᠠᠤᠠᠪᠤᠷᠢ᠂ ᠦᠪᠦᠷ ᠮᠤᠩᠭᠤᠯ ᠤᠨ ᠴᠡᠭᠡᠯ ᠠᠭᠤᠯᠠᠨ ᠤ ᠪᠤᠯᠤᠳ ᠲᠡᠮᠦᠷ ᠤᠨ ᠤᠶᠢᠯᠡᠳᠪᠤᠷᠢ᠂ ᠬᠤᠳᠠ ᠶᠢᠨ ᠴᠠᠬᠢᠯᠭᠠᠨ ᠦᠢᠯᠡᠰ ᠤᠨ ᠲᠤᠪᠴᠢᠶ᠎ᠠ᠂ ᠬᠤᠳᠠ ᠶᠢᠨ ᠴᠠᠭᠢᠯᠭᠠᠡ ᠴ‍‌ᠵᠯᠠᠭᠤᠡ ᠤᠶᠢᠯᠡᠳᠪᠤᠷᠢ ᠶᠢ ᠲᠤᠮᠳᠠ ᠬᠡᠯᠪᠡᠷᠢ ᠶᠢᠨ ᠬᠤᠶᠠᠳᠣᠭᠠᠷ ᠲᠡᠰ ᠤᠨ ᠠᠵᠤ ᠠᠬᠤᠶᠢᠯᠠᠯ ᠬᠡᠵᠦ ᠨᠡᠶᠢᠳᠡᠯᠡᠪᠡ᠃      1990 ᠤᠨ      2 ᠰᠠᠷ᠎ᠠ ᠶᠢᠨ 21 ᠤ ᠡᠳᠦᠷ᠂ ᠦᠬᠠᠢ ᠬᠤᠳᠠ ᠶᠢᠨ ᠨᠠᠮ ᠵᠠᠰᠠᠭ ᠤᠨ ᠺᠠᠳᠠᠷ ᠦᠨᠳᠦᠰᠦᠨ ᠱᠠᠳᠣᠨ ᠳᠤ ᠪᠠᠭᠤᠬᠤ ᠲᠠᠶᠢᠴᠢᠯᠠᠯᠳᠠ ᠶᠢᠨ ᠶᠡᠭᠡ ᠬᠤᠷᠠᠯ ᠬᠤᠷᠠᠯᠳᠣᠪᠠ᠃ 3 ᠰᠠᠷ᠎ᠠ ᠶᠢᠨ 8 ᠤ ᠡᠳᠦᠷ᠂ ᠲᠦᠷᠦᠭᠦᠦ ᠪᠥᠯᠥᠭ ᠤᠨ ᠨᠡᠶᠢᠳᠡ 267 ᠺᠠᠳᠠᠷ ᠦᠨᠳᠦᠰᠦᠨ ᠱᠠᠳᠣᠨ ᠳᠤ ᠪᠠᠭᠤᠪᠠ᠂ ᠡᠬᠦᠨ ᠤ ᠲᠤᠳᠤᠷ᠎ᠠ ᠬᠤᠳᠠ ᠶᠢᠨ ᠲᠡᠰ ᠤᠨ ᠺᠠᠳᠠᠷ 4 ᠬᠦᠮᠦᠨ᠂ ᠰᠢᠶᠠᠨ ᠤ ᠲᠡᠰ ᠤᠨ ᠺᠠᠳᠠᠷ 59 ᠬᠦᠮᠦᠨ᠂ ᠰᠠᠯᠠᠭᠠᠨ ᠤ ᠲᠡᠰ ᠤᠨ ᠺᠠᠳᠠᠷ 133 ᠬᠦᠮᠦᠨ ᠪᠤᠯᠤᠨ᠎ᠠ᠃       3 ᠰᠠᠷ᠎ᠠ ᠶᠢᠨ 27 ᠤ ᠡᠳᠦᠷ᠂ ᠤᠳᠠ ᠲᠤᠭᠤᠷᠢᠭ ᠤᠨ ᠠᠷᠠᠳ ᠤᠨ ᠪᠠᠩᠬᠢ ᠶᠢᠨ ᠬᠠᠮᠠᠭᠠᠯᠠᠬᠤ ᠲᠠᠰᠤᠭ  ᠤᠨ ᠲᠡᠳ᠋ ᠲᠠᠰᠤᠭ ᠤᠨ ᠲᠠᠷᠤᠭ᠎ᠠ ᠸᠠᠩ ᠶᠦᠩ ᠴᠢ ᠪᠤᠯᠤᠨ ᠡᠣ ᠵᠠᠨ ᠫᠢᠩ ᠬᠤᠶᠠᠭᠤᠯᠠ ᠠᠵᠢᠯ ᠤᠨ ᠲᠦᠬᠦᠮ ᠢ ᠠᠰᠢᠭᠯᠠᠵᠤ ᠮᠦᠩᠭᠦᠨ ᠤ ᠬᠦᠮᠦᠷᠭᠡ ᠠᠴᠠ 110 ᠲᠦᠮᠡᠨ ᠲᠦᠬᠦᠷᠢᠭ ᠪᠡᠯᠡᠨ ᠵᠤᠭᠤᠰ ᠬᠤᠯᠠᠭᠠᠶᠢᠯᠠᠵᠤ᠂ ᠴᠠᠭᠠᠵᠠ  ᠪᠠᠷ ᠠᠪᠠᠴᠢᠪᠠ᠃      5 ᠰᠠᠷ᠎ᠠ ᠶᠢᠨ 27 ~ 30 ᠤ ᠡᠳᠦᠷ᠂ ᠦᠪᠡᠷᠳᠡᠭᠡᠨ ᠵᠠᠰᠠᠬᠤ ᠤᠷᠤᠨ ᠤ ᠭᠦᠩᠭᠡᠨ ᠠᠵᠤ ᠦᠢᠯᠡᠳᠪᠦᠷᠢ  ᠶᠢᠨ ᠲᠢᠩᠬᠢᠮ ᠤᠨ ᠬᠤᠪᠴᠠᠰᠤᠨ ᠤ ᠠᠵᠤ ᠦᠢᠯᠡᠳᠪᠦᠷᠢ ᠶᠢᠨ ᠺᠤᠮᠫᠠᠨᠢ ᠠᠴᠠ ᠡᠷᠬᠢᠯᠡᠭᠰᠡᠨ ᠪᠦᠬᠦ ᠣᠷᠣᠨ ᠤ ᠲᠤᠳᠤᠷ ᠬᠤᠪᠴᠠᠰᠣᠨ ᠤ ᠶᠠᠰᠣ ᠴᠢᠨᠠᠷ ᠰᠢᠯᠭᠠᠷᠠᠭᠤᠯᠬᠤ ᠬᠤᠷᠠᠯ ᠢ ᠦᠬᠠᠢ ᠬᠤᠲᠠᠨ ᠳᠤ ᠬᠢᠪᠡ᠃ ᠤᠳᠠ ᠲᠤᠭᠤᠷᠢᠭ  ᠤᠨ ᠨᠢᠭᠡᠳᠦᠭᠡᠷ ᠬᠤᠪᠴᠠᠰᠣᠨ ᠦᠢᠯᠡᠳᠪᠦᠷᠢ ᠶᠢᠨ ᠦᠢᠯᠡᠳᠪᠦᠷᠢᠯᠡᠭᠰᠡᠨ ︽ᠸᠧᠢ ᠬᠤᠸᠠ ᠲᠡᠮᠳᠡᠭᠲᠦ︾ ᠬᠠᠳᠠᠭᠤ ᠵᠠᠭᠠᠮ᠎ᠠ ᠲᠠᠢ ᠲᠤᠲᠤᠷ ᠬᠤᠪᠴᠠᠰᠣ ᠲᠡᠷᠢᠬᠦᠯᠡᠪᠡ᠃      6 ᠰᠠᠷ᠎ᠠ ᠶᠢᠨ 21 ᠤ ᠡᠳᠦᠷ᠂ ᠦᠪᠡᠷᠳᠡᠭᠡᠨ ᠵᠠᠰᠠᠬᠤ ᠤᠷᠤᠨ ᠤ ᠭᠦᠩᠭᠡᠨ ᠠᠵᠤ ᠦᠢᠯᠡᠳᠪᠦᠷᠢ ᠶᠢᠨ ᠲᠢᠩᠬᠢᠮ ᠬᠢᠬᠡᠳ ᠥᠪᠡᠷᠲᠡᠭᠡᠨ ᠵᠠᠰᠠᠬᠤ ᠤᠷᠤᠨ ᠤ ᠫᠢᠸᠣ᠋ ᠠᠷᠢᠬᠢᠨ ᠤ ᠨᠡᠶᠢᠭᠡᠮᠯᠢᠭ ᠤᠯᠠᠭᠠᠨᠬᠠᠳᠠ ᠬᠤᠲᠠᠨ ᠳᠤ ᠠᠷᠢᠬᠢ ᠰᠢᠯᠭᠠᠷᠠᠭᠤᠯᠬᠤ ᠬᠤᠷᠠᠯ ᠬᠢᠪᠡ᠂ ᠦᠬᠠᠢ ᠬᠤᠳᠠ ᠶᠢᠨ ︽ᠮᠦᠸᠧ ᠵᠦᠩ ᠴᠢᠤᠸᠠᠨ︾ ᠫᠢᠸᠣ᠋ ᠪᠦᠬᠦ ᠤᠷᠤᠨ ᠤ A ᠲᠡᠰ ᠤᠨ ᠦᠢᠯᠡᠳᠭᠦᠨ ᠢᠶᠠᠷ ᠬᠦᠬᠢᠭᠦᠯᠦᠭᠳᠡᠪᠡ᠃      6 ᠰᠠᠷ᠎ᠠ ᠶᠢᠨ 28 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠰᠢᠷ᠎ᠠ ᠶᠢ ᠦᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ᠂ ᠹᠧᠩ ᠱᠢ ᠯᠢᠶᠠᠩ᠂ ᠵᠤᠤ ᠸᠧᠢ ᠶᠤᠸᠠᠨ᠂ ᠴᠢ ᠹᠧᠩ ᠱᠠᠨ ᠢ ᠲᠡᠳ᠋ ᠱᠦᠵᠢ ᠪᠠᠷ ᠲᠤᠮᠢᠯᠠᠪᠠ᠃ ᠬᠤᠸᠠᠩ ᠹᠧᠩ ᠴᠢ᠂ ᠭᠤᠤ ᠱᠸᠤ ᠶᠤᠤ ᠦᠪᠡᠷᠳᠡᠭᠡᠨ ᠵᠰᠠᠬᠤ ᠤᠷᠤᠨ ᠳᠤ ᠠᠵᠢᠯ ᠰᠢᠯᠵᠢᠪᠡ᠃      7 ᠰᠠᠷ᠎ᠠ ᠶᠢᠨ 22 ᠤᠨ ᠡᠳᠦᠷ᠂ ᠤᠯᠤᠰ ᠤᠨ ᠵᠠᠮ ᠬᠠᠷᠢᠯᠴᠠᠭᠠᠨ ᠤ ᠶᠠᠮᠤᠨ ᠤ ᠰᠠᠶᠢᠳ ᠴᠢᠶᠠᠨ ᠶᠦᠩ ᠴᠠᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢᠦ ᠽᠦᠸᠧ ᠬᠤᠢ ᠶᠢᠨ ᠲᠠᠭᠠᠭᠤᠯᠭ᠎ᠠ ᠪᠠᠷ 20 ᠬᠦᠮᠦᠨ ᠦᠬᠠᠢ ᠳᠤ ᠢᠷᠡᠵᠦ ᠠᠵᠢᠯ ᠪᠠᠶᠢᠴᠠᠭᠠᠪᠠ᠃      8 ᠰᠠᠷ᠎ᠠ ᠶᠢᠨ 9 ᠤ ᠡᠳᠦᠷ᠂ ᠦᠬᠠᠢ ᠬᠤᠳᠠ ᠶᠢᠨ ᠠᠯᠣᠰ ᠤᠨ ᠳ᠋ᠢᠶᠠᠩᠬᠤᠧᠠ ᠶᠢᠨ ᠲᠤᠤᠷ ᠲᠤ ᠨᠡᠶᠢᠯᠡᠬᠦ ᠪᠠᠷᠢᠯᠭ᠎ᠠ ᠶᠢᠨ ᠠᠵᠢᠯ ᠲᠡᠭᠤᠰᠴᠤ᠂ ᠠᠯᠣᠰ ᠤᠨ ᠳ᠋ᠢᠶᠠᠩᠬᠤᠧᠠ ᠪᠦᠬᠦ ᠤᠯᠤᠰ ᠤᠨ ᠠᠦ᠋ᠲ᠋ᠣ᠋ ᠲᠤᠤᠷ ᠲᠠᠢ ᠨᠡᠶᠢᠯᠡᠪᠡ᠃      9 ᠰᠠᠷ᠎ᠠ ᠶᠢᠨ 11 ᠤ ᠡᠳᠦᠷ᠂ ︽ᠠᠽᠢᠶ᠎ᠠ ᠶᠢᠨ ᠲᠠᠮᠢᠷ ᠤᠨ ᠤᠷᠤᠯᠳᠤᠭᠠᠨ ᠤ ᠲᠤᠶᠠᠭ᠎ᠠ︾ ᠭᠠᠯ ᠪᠠᠮᠪᠠᠷ ᠲᠠᠮᠵᠢᠭᠤᠯᠬᠤ ᠰᠣᠯᠢᠯᠳᠠ ᠶᠢᠨ ᠶᠣᠰᠣᠯᠠᠯ ᠬᠠᠶᠢᠷᠣᠪ ᠤᠨ ᠲᠤᠬᠤᠢ ᠳᠤ ᠶᠠᠪᠤᠭᠳᠠᠪᠠ᠃ ᠬᠤᠳᠠ ᠶᠢᠨ ᠨᠠᠮ᠂ ᠵᠠᠰᠠᠭ᠂ ᠴᠡᠷᠢᠭ ᠤᠨ ᠤᠳᠤᠷᠢᠳᠣᠯᠭ᠎ᠠ ᠪᠤᠯᠤᠨ ᠠᠵ‍‌ᠵᠯ ᠠᠴᠠ ᠠᠮᠠᠷᠠᠭᠰᠠᠡ ᠠᠬᠠᠮᠠᠤᠡ ᠺᠠᠳ᠋ᠷᠴᠤᠤᠡ ᠰᠣᠯᠢᠯᠳᠠ ᠶᠢᠨ ᠶᠤᠰᠣᠯᠠᠯ  ᠳᠤ ᠤᠷᠤᠯᠴᠠᠵᠤ᠂ 3 ᠲᠦᠮᠡ ᠭᠠᠷᠣᠢ ᠤᠯᠠᠨ ᠲᠦᠮᠡᠨ ︽ᠠᠽᠢᠶ᠎ᠠ ᠶᠢᠨ ᠲᠠᠮᠢᠷ ᠤᠨ ᠤᠷᠤᠯᠳᠤᠭᠠᠨ ᠤ ᠲᠤᠶᠠᠭ᠎ᠠ︾ ᠭᠠᠯ ᠪᠠᠮᠪᠠᠷ ᠲᠠᠮᠵᠢᠭᠤᠯᠬᠤ ᠬᠦᠳᠡᠯᠭᠡᠭᠡᠨ ᠢ ᠰᠣᠨᠢᠷᠬᠠᠪᠠ᠃      9 ᠰᠠᠷ᠎ᠠ ᠶᠢᠨ 12 ~ 16 ᠤ ᠡᠳᠦᠷ᠂ ᠦᠬᠠᠢ ᠬᠤᠳᠠ ᠶᠢᠨ ᠬᠤᠶᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠤᠳᠠᠭᠠᠨ ᠤ ᠬᠤᠷᠠᠯᠳᠣᠭᠠᠨ ᠢᠶᠠᠷ ᠹᠧᠩ ᠱᠢ ᠯᠢᠶᠠᠩ ᠢ ᠦᠬᠠᠢ ᠬᠤᠳᠠ ᠶᠢᠨ ᠬᠤᠳᠠ ᠶᠢᠨ ᠲᠠᠷᠤᠭ᠎ᠠ ᠪᠠᠷ ᠰᠣᠩᠭᠤᠪᠠ᠃      ᠲᠤᠰ ᠰᠠᠷ᠎ᠠ᠂ ᠦᠬᠠᠢ ᠬᠤᠳᠠ ᠠᠽᠢᠶ᠎ᠠ ᠶᠢᠨ ᠲᠠᠮᠢᠷ ᠤᠨ ᠤᠷᠤᠯᠳᠤᠭᠠᠨ ᠳᠤ 23 ᠲᠦᠮᠡᠨ ᠲᠦᠭᠦᠷᠢᠭ ᠤᠨ ᠪᠡᠯᠡ ᠬᠤᠷᠠᠮᠳᠤᠭᠤᠯᠵᠤ ᠦᠭᠪᠡ᠃      10 ᠰᠠᠷ᠎ᠠ ᠶᠢᠨ 12 ᠤᠨ ᠡᠳᠦᠷ᠂ ᠰᠢᠶᠠᠩᠭᠠᠩ ᠤᠤᠮᠧᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠭᠤᠸᠠᠩᠳᠦ᠋ᠩ ᠮᠤᠵᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠦᠪᠦᠷ ᠮᠤᠩᠭᠤᠯ᠂ ᠨᠢᠩᠰᠢᠶᠠ᠂ ᠱᠠᠨ ᠰᠢ ᠳᠤ ᠬᠦᠷᠴᠦ ᠲᠤᠭᠤᠷᠢᠨ ᠦᠵᠡᠬᠦ ᠪᠦᠯᠬᠦᠮ ᠤᠨ 39 ᠬᠦᠮᠦᠨ ᠦᠬᠠᠢ ᠬᠤᠲᠠᠨ ᠳᠤ ᠢᠷᠡᠵᠦ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠣᠳᠣᠷᠢᠳᠣᠯᠭ᠎ᠠ ᠲᠠᠢ ᠬᠠᠮᠲᠤ ᠰᠠᠭᠤᠳᠠᠯ ᠤᠨ ᠬᠤᠷᠠᠯ ᠬᠢᠪᠡ᠃      10 ᠰᠠᠷ᠎ᠠ ᠶᠢᠨ 18 ~ 19 ᠤ ᠡᠳᠦᠷ᠂ ᠣᠯᠣᠰ ᠤᠨ ᠪᠠᠶᠢᠭᠤᠯᠤᠮᠵᠢ ᠶᠢᠨ ᠤ‍‌ᠵᠭᠡᠷᠠᠴ‍‌ᠵᠯᠠᠯᠳᠡ ᠶᠢᠨ ᠵᠦᠪᠯᠠᠯ  ᠤᠨ ᠲᠡᠳ᠋ ᠡᠷᠬᠢᠯᠡᠭᠴᠢ ᠾᠧ ᠭᠤᠸᠠᠩ ᠾᠦᠢ ᠶᠢᠨ ᠬᠠᠮᠲᠤ 4 ᠬᠦᠮᠦᠨ ᠦᠬᠠᠢ ᠳᠤ ᠢᠷᠡᠵᠦ᠂ ᠦᠭᠡᠷᠡᠴᠢᠯᠡᠯᠳᠡ ᠶᠢᠨ ᠲᠤᠷᠰᠢᠯᠳᠠ ᠶᠢᠨ ᠪᠠᠶᠢᠳᠠᠯ ᠢ ᠪᠠᠶᠢᠴᠠᠭᠠᠪᠠ᠃      10 ᠰᠠᠷ᠎ᠠ ᠶᠢᠨ 24 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠡᠭᠦᠷᠡᠰᠦᠨ ᠤ ᠲᠢᠩᠬᠢᠮ ᠤᠨ ᠬᠠᠷᠢᠭᠤᠴᠠᠯᠭᠠᠲᠠᠨ ᠠᠴᠠ ᠪᠦᠬᠦ ᠤᠷᠤᠨ ᠤ ᠨᠢᠭᠡᠳᠦᠯᠲᠡᠢ ᠲᠣᠬᠢᠷᠠᠭᠤᠯᠬᠤ ᠨᠡᠬᠦᠷᠡᠰᠦᠨ ᠤ ᠶᠠᠰᠣ ᠴᠢᠨᠠᠷ ᠤᠨ ᠪᠠᠷᠢᠮᠵᠢᠶᠠᠵᠢᠭᠤᠯᠣᠯᠳᠠ ᠶᠢᠨ ᠳᠣᠬᠠᠢ ᠶᠢᠨ ᠭᠠᠵᠠᠷ ᠤᠨ ᠬᠤᠷᠠᠯᠳᠣᠭᠠᠠ ᠲᠡᠭᠡᠷ᠎ᠡ᠂ ᠤᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶᠠᠨ ᠤ ᠡᠣ ᠬᠣ᠋ ᠱᠠᠨ ᠨᠡᠭᠦᠷᠡᠰᠦᠨ ᠠᠭᠤᠷᠬᠠᠢ ᠶᠢᠨ ᠠᠭᠤᠷᠬᠠᠢ ᠶᠢᠨ ᠬᠤᠳᠳᠤᠭ ᠤᠨ ᠶᠠᠰᠣ ᠴᠢᠨᠠᠷ ᠤᠨ ᠪᠠᠷᠢᠮᠵᠢᠶᠠᠵᠢᠭᠤᠯᠣᠯᠳᠠ ᠶᠠᠮᠤᠨ ᠤ ᠤᠨᠴᠠ ᠲᠡᠰ ᠤᠨ ᠪᠠᠷᠢᠮᠵᠢᠶ᠎ᠠ ᠳᠤ ᠬᠦᠷᠪᠡ ᠬᠡᠵᠢ ᠨᠡᠶᠢᠳᠡᠯᠡᠵᠡᠢ᠃      10 ᠰᠠᠷ᠎ᠠ ᠶᠢᠨ 30 ᠤ ᠡᠳᠦᠷ᠂ ᠯᠠᠨᠵᠸᠣ ᠶᠢᠨ ᠴᠡᠷᠢᠭ ᠤᠨ ᠲᠤᠭᠤᠷᠢᠭ ᠤᠨ ᠺᠤᠮᠠᠨᠳᠠᠯᠠᠭᠴᠢ ᠹᠦ᠋ ᠴᠤᠸᠠᠨ ᠶᠢᠦ ᠦᠬᠠᠢ ᠳᠤ ᠢᠷᠡᠵᠦ ᠪᠠᠶᠢᠴᠠᠭᠠᠨ ᠦᠵᠡᠪᠡ᠃      11 ᠰᠠᠷ᠎ᠠ ᠶᠢᠨ 15 ᠤ ᠡᠳᠦᠷ᠂ ᠤᠯᠤᠰ ᠤᠨ ᠪᠠᠷᠢᠯᠭ᠎ᠠ ᠮᠠᠲ᠋ᠧᠷᠢᠶᠠᠯ ᠤᠨ ᠲᠤᠪᠴᠢᠶᠠᠨ ᠤ ᠲᠤᠪᠴᠢᠶᠠᠨ ᠲᠠᠷᠤᠭ᠎ᠠ ᠸᠠᠩ ᠶᠠᠨ ᠮᠸᠣ ᠶᠢᠨ ᠬᠠᠮᠲᠤ 4 ᠬᠦᠮᠦᠨ ᠦᠪᠡᠷᠡᠳᠡᠭᠡᠨ ᠵᠠᠰᠠᠬᠤ ᠤᠷᠤᠨ ᠤ ᠪᠠᠷᠢᠯᠭ᠎ᠠ ᠶᠢᠨ ᠮᠠᠲ᠋ᠧᠷᠢᠶᠠᠯ  ᠤᠨ ᠲᠤᠪᠴᠢᠶᠠᠨ ᠤ ᠬᠠᠷᠢᠭᠤᠴᠠᠯᠭᠠᠲᠠᠨ ᠤ ᠪᠠᠷᠠᠭᠠᠳᠠᠯᠭ᠎ᠠ ᠪᠠᠷ ᠦᠬᠠᠢ ᠳᠤ ᠢᠷᠡᠵᠦ ᠪᠠᠶᠢᠴᠠᠭᠠᠨ ᠦᠵᠡᠪᠡ᠃      11 ᠰᠠᠷ᠎ᠠ ᠶᠢᠨ 17 ᠤ ᠡᠳᠦᠷ᠂ ᠬᠠᠶᠢᠷᠣᠪ ᠤᠨ ᠲᠤᠬᠤᠢ ᠶᠢᠨ ᠰᠢᠯ ᠤᠨ ᠦᠢᠯᠡᠳᠪᠦᠷᠢ ᠶᠢᠨ ᠬᠦᠪᠦᠬᠦᠯᠦᠨ ᠬᠡᠪᠰᠢᠬᠦᠯᠦᠭᠰᠡᠨ ᠰᠢᠯ ᠤᠨ ᠦᠢᠯᠡᠳᠪᠦᠷᠢᠯᠡᠯ ᠤᠨ ᠬᠡᠯᠬᠢᠶᠡᠯᠡᠯ ᠦᠪᠡᠷᠳᠡᠭᠡᠨ ᠵᠠᠰᠠᠬᠤ ᠤᠷᠤᠨ ᠤ ᠤᠷᠢᠳᠴᠢᠯᠠᠨ ᠰᠢᠯᠭᠠᠯᠳᠠ ᠶᠢ ᠦᠩᠬᠡᠷᠡᠭᠡᠪᠡ᠃ ᠲᠤᠰ ᠦᠢᠯᠡᠳᠪᠦᠷᠢᠯᠡᠯ ᠤᠨ ᠬᠡᠯᠬᠢᠶᠡᠯᠡᠯ ᠠᠴᠠ ᠦᠢᠯᠡᠳᠪᠦᠷᠢᠯᠡᠭᠰᠡᠨ 3 ᠮᠢᠯᠢᠮᠧᠲᠷ᠂ 5 ᠮᠢᠯᠢᠮᠧᠲᠷ ᠬᠢᠬᠡᠳ 6 ᠮᠢᠯᠢᠮᠧᠲᠷ ᠤᠨ ᠬᠠᠪᠳᠠᠭᠠᠢ ᠰᠢᠯ ᠨᠢ ᠤᠯᠤᠰ ᠲᠤᠲᠤᠭᠠᠲᠤ ᠶᠢᠨ ᠢᠵᠢᠯ ᠲᠦᠷᠦᠯ ᠤᠨ ᠠᠵᠤ ᠠᠬᠤᠶᠢᠯᠠᠯ ᠤᠨ ᠲᠡᠷᠢᠬᠦᠨ ᠤ ᠲᠦᠪᠰᠢᠨ ᠳᠤ ᠬᠦᠷᠪᠡ᠃      9 ~ 11 ᠰᠠᠷ᠎ᠠ᠂ ᠪᠦᠬᠦ ᠬᠤᠳᠠ ᠶᠢᠨ ᠡᠯ᠎ᠡ ᠲᠡᠰ ᠤᠨ ᠨᠠᠮ ᠤᠨ ᠵᠤᠬᠢᠶᠠᠨ ᠪᠠᠶᠢᠭᠤᠯᠤᠯᠳᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠤᠯᠠᠠ ᠳᠦᠮᠠᠠ ᠤ ᠪᠦᠯᠬᠦᠮ᠂ ᠠᠵᠤ ᠠᠬᠤᠢᠢᠯᠠᠯ ᠠᠵᠢᠯ ᠦᠢᠯᠠᠰ ᠤᠨ ᠨᠢᠬᠡᠴᠢ᠂ ᠴᠡᠷᠢᠭ ᠠᠩᠬᠢ ᠰᠣᠷᠭᠠᠭᠤᠯᠢ᠂ ᠦᠢᠯᠡᠳᠪᠦᠷᠢ ᠠᠭᠤᠷᠬᠠᠢ᠂ ᠵᠡᠭᠡᠯᠢ ᠭᠤᠳᠦᠮᠵᠢ ᠰᠠᠭᠤᠭᠠᠯᠢ ᠠᠷᠠᠳ ᠤᠨ ᠵᠦᠪᠯᠡᠯ᠂ ᠲᠠᠷᠢᠶᠠᠯᠠᠩ  ᠤᠨ ᠲᠠᠯᠠᠪᠠᠢ ᠵᠢᠴᠢ ᠬᠤᠪᠢ ᠶᠢᠨ ᠡᠷᠦᠬᠡ ᠶᠢ ᠵᠤᠬᠢᠶᠠᠨ ᠪᠠᠶᠢᠭᠤᠯᠵᠤ᠂ ᠦᠭᠡᠷᠡᠴᠢᠯᠡᠯᠳᠡ ᠶᠢᠨ ᠲᠤᠷᠰᠢᠯᠳᠠ ᠶᠢᠨ ᠣᠷᠣᠨ ᠪᠠᠶᠢᠭᠤᠯᠬᠤ ᠶᠡᠭᠡ ᠶᠠᠷᠢᠯᠴᠠᠭ᠎ᠠ ᠦᠷᠨᠢᠬᠦᠯᠪᠡ᠃      12 ᠰᠠᠷ᠎ᠠ ᠶᠢᠨ 20 ᠤ ᠡᠳᠦᠷ᠂ ᠬᠤᠳᠠ ᠶᠢᠨ ᠵᠠᠰᠠᠭ ᠤᠨ ᠣᠷᠳᠣᠨ ᠠᠴᠠ ︽ᠦᠬᠠᠢ ᠬᠤᠳᠠ ᠶᠢᠨ ᠤᠷᠤᠡ ᠰᠠᠭᠤᠴᠡ ᠶᠢᠨ ᠲᠦᠷ‍‌ᠵᠮ ᠤᠨ ᠤ‍‌ᠵᠭᠡᠷᠠᠴ‍‌ᠵᠯᠠᠯᠳᠡ ᠶᠢᠨ ᠭᠡᠷᠡᠭᠵᠢᠬᠦᠯᠬᠦ ᠳᠦᠰᠣᠯ︾ ᠢ ᠨᠡᠶᠢᠳᠡᠯᠡᠪᠡ᠃      1991 ᠣᠨ      1 ᠰᠠᠷ᠎ᠠ ᠶᠢᠨ 10 ~ 11 ᠤ ᠡᠳᠦᠷ᠂ ᠦᠬᠠᠢ ᠬᠤᠳᠠ ᠶᠢᠨ ᠵᠠᠮᠳᠡᠭᠴᠣᠣᠠ ᠤᠨ ᠬᠤᠯᠪᠤᠭᠠᠨ ᠤ ᠨᠢᠭᠡᠳᠦᠭᠡᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃      1 ᠰᠠᠷ᠎ᠠ ᠶᠢᠨ 21 ᠤ ᠡᠳᠦᠷ᠂ ᠬᠠᠶᠢᠷᠣᠪ ᠤᠨ ᠲᠤᠬᠤᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ  ᠤᠨ ᠵᠠᠰᠠᠭ ᠤᠨ ᠣᠷᠳᠣᠨ ᠠᠴᠠ ᠬᠦᠬᠢᠭᠦᠯᠬᠦ ᠶᠡᠭᠡ ᠬᠤᠷᠠᠯ ᠬᠢᠵᠦ᠂ ᠬᠠᠶᠢᠷᠣᠪ ᠤᠨ ᠲᠤᠬᠤᠢ ᠲᠤᠭᠤᠷᠢᠭ ᠤᠨ ᠲᠠᠪᠤᠳᠤᠭᠠᠷ ᠪᠦᠷᠢᠨ ᠪᠠᠭ᠎ᠠ ᠰᠣᠷᠭᠠᠭᠤᠯᠢ ᠶᠢᠨ ᠲᠦᠷᠪᠡᠳᠦᠭᠡᠷ ᠤᠨ ᠤ ᠰᠣᠷᠣᠭᠴᠢ ᠮᠠ ᠵᠤ᠋ ᠵᠤ᠋ ᠶᠢ ︽ᠪᠡᠶ᠎ᠡ ᠪᠠᠨ ᠴᠥᠯᠡᠵᠥ ᠪᠣᠰᠣᠳ ᠢ ᠠᠪᠤᠷᠠᠭᠰᠠᠨ ᠰᠠᠶᠢᠨ ᠪᠠᠭᠠᠴᠤᠳ︾ ᠬᠡᠮᠡᠬᠦ ᠴᠤᠯᠠ ᠤᠯᠭᠤᠪᠠ᠃ 1990 ᠤᠨ ᠤ 7 ᠰᠠᠷ᠎ᠠ  ᠶᠢᠨ 13 ᠤ ᠡᠳᠦᠷ᠂ 12 ᠨᠠᠰᠣᠳᠠᠢ ᠮᠠ ᠵᠤ᠋ ᠵᠤ᠋ ᠬᠠᠳᠣᠨ ᠭᠤᠤᠯ ᠳᠤ ᠤᠨᠠᠭᠰᠠᠨ ᠬᠤᠳᠠ ᠶᠢᠨ ᠠᠰᠠᠷᠠᠮᠵᠢ ᠶᠢᠨ ᠬᠦᠷ‍‌ᠵᠶᠠᠯᠠᠩ ᠤᠨ ᠬᠡᠦᠭᠡᠳ ᠢ ᠠᠪᠤᠷᠠᠬᠤ ᠬᠡᠵᠦ ᠪᠠᠶᠢᠭᠠᠳ ᠠᠮᠢ ᠪᠠᠨ ᠦᠷᠡᠭᠳᠡᠭᠦᠯᠪᠡ᠃      2 ᠰᠠᠷ᠎ᠠ ᠶᠢᠨ 9 ~ 10 ᠤ ᠡᠳᠦᠷ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦᠬᠡ ᠵᠢᠴᠢ ᠲᠠᠭᠠᠭᠰᠠᠳ ᠦᠬᠠᠢ ᠳᠤ ᠢᠷᠡᠵᠦ ᠠᠵᠢᠯ ᠪᠠᠶᠢᠴᠠᠭᠠᠨ ᠦᠵᠡᠪᠡ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠪᠠᠶᠢᠭ᠎ᠠ ᠠᠵᠢᠯᠴᠢᠳ ᠪᠤᠯᠤᠨ ᠲᠠᠷᠢᠶᠠᠴᠢᠳ ᠢ ᠪᠤᠯᠭᠤᠭᠠᠨ ᠮᠡᠨᠳᠦᠴᠢᠯᠡᠯ ᠬᠦᠷᠭᠡᠪᠡ᠃ ᠪᠠᠰᠠ ︽ᠨᠡᠭᠦᠷᠡᠰᠦᠨ ᠦᠢᠯᠡᠳᠪᠦᠷᠢᠯᠡᠯ ᠢ ᠬᠦᠭᠵᠢᠬᠦᠯᠵᠦ᠂ ᠠᠵᠢᠯᠳᠠᠳ ᠤᠨ ᠠᠮᠢᠳᠣᠷᠠᠯ ᠢ ᠬᠠᠯᠠᠮᠵᠢᠯᠠᠶ᠎ᠠ︾ ᠬᠡᠰᠡᠨ ᠪᠢᠴᠢᠭᠡᠰᠦ ᠦᠯᠡᠳᠡᠭᠡᠪᠡ᠃      3 ᠰᠠᠷ᠎ᠠ ᠶᠢᠨ 2 ᠤᠨ ᠡᠳᠦᠷ᠂ ᠬᠤᠳᠠ ᠶᠢᠨ ᠴᠠᠭᠢᠯᠭᠠᠡ ᠮᠠᠰ‍‌ᠵᠡ ᠤ ᠤ‍‌ᠵ‍‌ᠵᠯᠠᠤᠠᠪᠤᠷᠢ ᠶᠢᠨ ᠦᠢᠯᠡᠳᠪᠦᠷᠢᠯᠡᠭᠰᠡᠨ 250QJ80 ᠬᠡᠯᠪᠡᠷᠢ ᠶᠢᠨ ᠰᠢᠷᠢᠰ ᠱᠤᠩᠭᠤᠯ ᠤᠰᠤᠡ ᠴᠠᠬᠢᠯᠭᠠᠨ ᠬᠦᠭᠡᠷᠭᠡ ᠪᠡᠭᠡᠵᠢᠩ ᠳᠤ ᠡᠷᠬᠢᠯᠡᠭᠰᠡᠨ ᠪᠦᠬᠦ ᠤᠯᠤᠰ ᠤᠨ ᠠᠩᠬᠠᠳᠠᠭᠴᠢ ᠬᠤᠭᠤᠴᠠᠭᠠᠨ ᠤ ᠱᠤᠷᠠᠭᠲᠤ ᠬᠤᠭᠤᠯᠠᠢ ᠶᠢᠨ ᠮᠠᠰᠢᠨ ᠤ ᠬᠡᠷᠡᠭᠯᠡᠭᠴᠢᠳ ᠤᠨ ᠱᠠᠩᠨᠠᠯᠲᠤ ᠵᠦᠪᠳᠡᠯᠴᠡᠬᠦ ᠬᠦᠳᠡᠯᠭᠡᠭᠡᠨ ᠳᠤ ︽ᠤᠨᠴᠠ ᠰᠠᠶᠢᠨ ᠬᠤᠨᠳᠠᠭ᠎ᠠ︾ ᠶᠢᠨ ᠱᠠᠩᠨᠠᠯ ᠬᠦᠷᠳᠡᠪᠡ᠃      3 ᠰᠠᠷ᠎ᠠ ᠶᠢᠨ 8 ᠤ ᠡᠳᠦᠷ᠂ ᠤᠮᠠᠷᠠᠲᠤ ᠶᠢᠨ ᠠᠷᠠᠤᠡ ᠤᠨ ᠠᠭᠠᠷ ᠤᠨ ᠵᠦᠭᠡᠭᠡᠪᠤᠷᠢ ᠶᠢᠨ ᠬᠠᠮᠢᠶᠠᠷᠣᠯᠳᠠ  ᠶᠢᠨ ᠲᠤᠪᠴᠢᠶᠠᠨ ᠤ ᠲᠡᠳ᠋ ᠲᠤᠪᠴᠢᠶᠠᠨ ᠲᠠᠷᠤᠭ᠎ᠠ ᠸᠠᠩ ᠰᠢᠶᠠᠨ ᠪᠢᠶᠤᠤ᠂ ᠦᠪᠦᠷ ᠮᠤᠩᠭᠤᠯ ᠤᠨ ᠠᠷᠠᠤᠡ ᠤᠨ ᠠᠭᠠᠷ ᠤᠨ ᠵᠦᠭᠡᠭᠡᠪᠤᠷᠢ ᠶᠢᠨ ᠬᠠᠮᠢᠶᠠᠷᠣᠯᠳᠠ ᠶᠢᠨ ᠲᠤᠪᠴᠢᠶᠠᠨ ᠤ ᠲᠡᠳ᠋ ᠲᠤᠪᠴᠢᠶᠠᠨ ᠲᠠᠷᠤᠭ᠎ᠠ ᠵᠠᠩ ᠵᠢᠶᠦ᠋ᠨ ᠵᠢᠶᠧ ᠶᠢᠨ ᠬᠠᠮᠲᠤ 12 ᠬᠦᠮᠦᠨ ᠦᠬᠠᠢ ᠬᠤᠲᠠᠨ ᠳᠤ ᠢᠷᠡᠵᠦ ᠨᠢᠰᠭᠡᠯ ᠤᠨ ᠪᠠᠭᠤᠳᠠᠯ ᠤᠨ ᠤᠷᠤᠨ ᠢ ᠰᠣᠩᠭᠤᠬᠤ ᠲᠤᠬᠠᠢ ᠪᠣᠳᠠᠲᠠᠢ ᠭᠠᠵᠠᠷ ᠳᠤᠨᠢ ᠪᠠᠶᠢᠴᠠᠭᠠᠯᠲᠠ ᠬᠢᠪᠡ᠃      ▲ ᠮᠤᠩᠭᠤᠯ ᠤᠯᠤᠰ ᠤᠨ ᠵᠡᠬᠦᠨ ᠭᠤᠪᠢ ᠠᠶᠢᠮᠠᠭ ᠤᠨ ᠲᠡᠳ᠋ ᠠᠶᠢᠮᠠᠭ ᠤᠨ ᠲᠠᠷᠤᠭ᠎ᠠ ᠴ᠊· ᠪᠠᠵᠠᠷ ᠤᠨ ᠬᠠᠮᠲᠤ 4 ᠬᠦᠮᠦᠨ ᠦᠬᠠᠢ ᠬᠤᠲᠠᠨ ᠳᠤ ᠢᠷᠡᠵᠦ ᠪᠠᠶᠢᠴᠠᠭᠠᠯᠳᠠ ᠬᠢᠵᠦ ᠠᠶᠢᠯᠴᠢᠯᠠᠪᠠ᠃      3 ᠰᠠᠷ᠎ᠠ ᠶᠢᠨ 15᠂ ᠦᠬᠠᠢ ᠬᠤᠳᠠ ᠶᠢᠨ ᠭᠡᠷ ᠪᠠᠶᠢᠰ‍‌ᠵᠩ ᠭᠠᠵᠠᠷ ᠬᠦᠷᠤᠩᠭᠡ ᠶᠢᠨ ᠠᠷᠠᠯᠵᠢᠶᠠᠨ ᠤ ᠭᠠᠵᠠᠷ ᠪᠠᠶᠢᠭᠤᠯᠤᠭᠳᠠᠪᠠ᠃      3 ᠰᠠᠷ᠎ᠠ ᠶᠢᠨ ᠬᠤᠷᠢᠣᠠ ᠠᠴᠠ 4 ᠰᠠᠷ᠎ᠠ ᠶᠢᠨ ᠡᠬᠢᠨ᠂ ᠣᠯᠣᠰ ᠲᠦᠷᠦ ᠶᠢᠨ ᠵᠦᠪᠯᠡᠯᠭᠡᠨ ᠤ ᠤᠳᠠ ᠲᠤᠭᠤᠷᠢᠭ᠂ ᠬᠠᠶᠢᠷᠣᠪ ᠤᠨ ᠲᠤᠬᠤᠢ ᠲᠤᠭᠤᠷᠢᠭ᠂ ᠬᠠᠶᠢᠨᠠᠨ ᠲᠤᠭᠤᠷᠢᠭ ᠤᠨ ᠬᠤᠶᠠᠳᠣᠭᠠᠷ ᠬᠤᠭᠤᠴᠠᠭᠠᠨ ᠤ ᠵᠦᠪᠯᠡᠯ  ᠤᠨ ᠬᠤᠷᠠᠯ ᠬᠤᠷᠠᠯᠳᠣᠪᠠ᠂ ᠴᠧᠩ ᠴᠢ ᠠᠨ᠂ ᠴᠧᠨ ᠵᠦᠩ ᠴᠧᠩ᠂ ᠸᠠᠩ ᠴᠠᠩ ᠴᠧᠩ ᠲᠤᠰ ᠲᠤᠰ ᠣᠯᠣᠰ ᠲᠦᠷᠦ  ᠶᠢᠨ ᠵᠦᠪᠯᠡᠯᠭᠡᠨ ᠤ ᠲᠡᠷᠢᠬᠦᠯᠡᠭᠴᠢ ᠪᠠᠷ ᠰᠣᠩᠭᠤᠭᠳᠠᠪᠠ᠃      ▲ ᠤᠳᠠ ᠲᠤᠭᠤᠷᠢᠭ ᠤᠨ ᠲᠠᠪᠤᠳᠤᠭᠠᠷ ᠬᠤᠭᠤᠴᠠᠭ᠎ᠠ᠂ ᠬᠠᠶᠢᠷᠣᠪ ᠤᠨ ᠲᠤᠬᠤᠢ᠂ ᠬᠠᠶᠢᠨᠠᠨ ᠲᠤᠭᠤᠷᠢᠭ ᠤᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠬᠡᠳᠦᠭᠡᠷ ᠤᠳᠠᠭᠠᠨ ᠤ ᠬᠤᠷᠠᠯ ᠬᠤᠷᠠᠯᠳᠣᠪᠠ᠂ ᠰᠦᠨ ᠴᠢᠶᠠᠨ ᠹᠠᠩ᠂ ᠯᠢᠦ ᠶᠦᠩ ᠹᠦ᠋᠂ ᠷᠧᠨ ᠵᠢᠶᠠᠨ ᠪᠠᠩ ᠲᠤᠰ ᠲᠤᠰ ᠲᠤᠭᠤᠷᠢᠭ ᠤᠨ ᠲᠠᠷᠤᠭ᠎ᠠ ᠪᠠᠷ ᠰᠣᠩᠭᠤᠭᠳᠠᠪᠠ᠃      6 ᠰᠠᠷ᠎ᠠ ᠶᠢᠨ 10 ᠤ ᠡᠳᠦᠷ᠂ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ︽ᠭᠠᠳᠠᠭᠠᠲᠤ  ᠲᠠᠢ ᠶᠠᠪᠤᠯᠴᠠᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠲᠤᠬᠠᠢ ᠲᠤᠭᠳᠠᠭᠠᠯ︾ ᠲᠠᠷᠬᠠᠭᠠᠪᠠ᠃      7 ᠰᠠᠷ᠎ᠠ ᠶᠢᠨ 1 ᠤ ᠡᠳᠦᠷ᠂ ᠦᠬᠠᠢ ᠬᠤᠳᠠ ᠶᠢᠨ ᠭᠠᠯᠲᠤ ᠲᠡᠷᠭᠡᠨ ᠦᠷᠳᠡᠭᠡᠨ ᠤ ᠠᠰᠠᠷ ᠢ ᠵᠠᠰᠠᠵᠤ ᠪᠠᠶᠢᠭᠤᠯᠬᠤ ᠪᠠᠷᠢᠯᠭ᠎ᠠ ᠶᠢᠨ ᠠᠵᠢᠯ ᠡᠬᠢᠯᠡᠪᠡ᠃      ▲ ᠦᠬᠠᠢ ᠬᠤᠳᠠ ᠶᠢᠨ ᠭᠡᠷ ᠰᠠᠭᠤᠴᠠ ᠶᠢᠨ ᠦᠭᠡᠷᠡᠴᠢᠯᠡᠯᠲᠠ ᠶᠢᠨ ᠠᠵᠢᠯ ᠪᠦᠬᠦ ᠲᠠᠯ᠎ᠠ ᠪᠠᠷ ᠡᠬᠢᠯᠡᠪᠡ᠃      7 ᠰᠠᠷ᠎ᠠ ᠶᠢᠨ 4 ~ 6 ᠤ ᠡᠳᠦᠷ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠤᠷᠢᠶᠠᠨ ᠤ ᠬᠤᠶᠠᠳᠣᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠣᠪᠠ᠃ ᠶᠡᠭᠡ ᠬᠤᠷᠠᠯ ᠳᠤ ᠣᠷᠤᠯᠴᠠᠭᠰᠠᠨ ᠲᠦᠯᠦᠭᠡᠯᠡᠭᠴᠢ 212 ᠬᠦᠮᠦᠨ᠂ ᠰᠣᠯᠠ ᠳᠦᠯᠣᠬᠡᠯᠡᠭᠴᠢ 79 ᠬᠦᠮᠦᠨ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠠᠷᠢᠭᠤᠴᠠᠭᠴᠢ ᠬᠢᠭᠡᠳ ᠨᠠᠮ ᠦᠭᠡᠢ ᠪᠦᠯᠦᠭ ᠤᠨ ᠨᠡᠷᠡᠲᠡᠢ ᠬᠥᠮᠦᠰ 13 ᠬᠦᠮᠦᠨ ᠤᠷᠢᠯᠭ᠎ᠠ  ᠪᠠᠷ ᠶᠡᠭᠡ ᠬᠤᠷᠠᠯ ᠤᠨ ᠡᠬᠢᠯᠡᠯᠳᠡ ᠶᠢᠨ ᠶᠤᠰᠣᠯᠠᠯ ᠳᠤ ᠣᠷᠣᠯᠴᠠᠪᠠ᠃ ᠶᠡᠭᠡ ᠬᠤᠷᠠᠯ ᠠᠴᠠ ᠲᠤᠮᠳᠠᠲᠤ ᠣᠯᠣᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠢᠭᠡᠳᠦᠭᠡᠷ ᠬᠤᠭᠤᠴᠠᠭᠠᠨ ᠤ ᠭᠡᠰᠢᠭᠦᠳ ᠤᠨ ᠬᠤᠷᠠᠯ᠂ ᠬᠤᠳᠠ ᠶᠢᠨ ᠰᠡᠭᠢᠯᠭ᠎ᠠ ᠪᠡᠳᠦ ᠪᠡᠶᠢᠴᠡᠭᠠᠬᠤ ᠬᠤᠷᠢᠶᠠᠨ ᠤ ᠠᠵᠢᠯ ᠤᠨ ᠢᠯᠡᠳᠭᠡᠯ ᠢ ᠰᠣᠨᠣᠰᠣᠨ ᠬᠢᠨᠠᠨ ᠵᠦᠪᠯᠡᠵᠦ ᠪᠠᠲᠤᠯᠠᠪᠠ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠤᠷᠢᠶᠠᠨ ᠤ ᠬᠤᠶᠠᠳᠣᠭᠠᠷ ᠬᠤᠭᠤᠴᠠᠭᠠᠨ ᠤ ᠬᠡᠰᠢᠭᠦᠳ ᠤᠨ ᠬᠤᠷᠠᠯ ᠪᠤᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠰᠣᠩᠭᠤᠨ ᠭᠠᠷᠭᠠᠪᠠ᠃ ᠰᠢᠷ᠎ᠠ ᠱᠦᠵᠢ  ᠪᠠᠷ ᠰᠤᠩᠭᠤᠭᠳᠠᠵᠤ᠂ ᠯᠢ ᠱᠸᠤ ᠸᠧᠨ ᠰᠡᠭᠢᠯᠭ᠎ᠠ ᠪᠡᠳᠦ ᠪᠡᠶᠢᠴᠡᠭᠠᠬᠤ ᠬᠤᠷᠢᠶᠠᠨ ᠤ ᠱᠦᠵᠢ ᠪᠠᠷ ᠰᠣᠩᠭᠤᠭᠳᠠᠪᠠ᠃      7 ᠰᠠᠷ᠎ᠠ ᠶᠢᠨ 25᠂ ᠦᠬᠠᠢ ᠬᠤᠳᠠ ᠶᠢᠨ ᠠᠷᠠᠳ ᠤᠨ ᠠᠭᠤᠳᠠᠮ ᠲᠠᠯᠠᠪᠠᠢ ᠶᠢᠨ ᠪᠠᠷᠢᠯᠭ᠎ᠠ ᠡᠬᠢᠯᠡᠪᠡ᠃ ᠠᠷᠠᠳ ᠤᠨ ᠠᠭᠤᠳᠠᠮ ᠲᠠᠯᠠᠪᠠᠢ 61000 ᠲᠡᠭᠰᠢ ᠲᠦᠷᠪᠡᠯᠵᠢᠨ ᠮᠧᠲᠷ ᠤᠨ ᠭᠠᠵᠠᠷ ᠡᠵᠡᠯᠡᠵᠦ ᠪᠤᠢ᠃      8 ᠰᠠᠷ᠎ᠠ ᠶᠢᠨ 1 ᠤ ᠡᠳᠦᠷ᠂ ᠬᠤᠳᠠ ᠶᠢᠨ ᠪᠡᠶ᠎ᠡ ᠲᠠᠮᠢᠷ ᠤᠨ ᠰᠣᠷᠭᠠᠭᠤᠯᠢ ᠶᠢᠨ ᠲᠠᠮᠢᠷᠴᠢᠨ ᠭᠤᠤ ᠰᠢᠶᠠ ᠪᠦᠬᠦ ᠤᠷᠤᠨ ᠤ ᠲᠤᠯᠤᠳᠣᠭᠠᠷ ᠬᠤᠭᠤᠴᠠᠭᠠᠨ ᠤ  ᠬᠦᠨᠲᠤ ᠬᠦᠩᠭᠡᠨ ᠪᠡᠶ᠎ᠡ ᠲᠠᠮᠢᠷ ᠤᠨ ᠤᠷᠤᠯᠳᠤᠭᠠᠨ ᠳᠤ᠂ 24 ᠮᠢᠨᠦ᠋ᠲ 18 ᠰᠧᠺᠦ᠋ᠨ᠋ᠳ᠋ 4 ᠬᠢᠭᠡᠳ 43 ᠮᠢᠨᠦ᠋ᠲ 54 ᠰᠧᠺᠦ᠋ᠨ᠋ᠳ᠋ 2 ᠤᠨ ᠬᠢᠷᠢ ᠪᠦᠲᠦᠮᠵᠢ ᠪᠠᠷ 3000 ᠮᠧᠲᠷ ᠪᠤᠯᠤᠨ 5000 ᠮᠧᠲᠷ ᠤᠨ ᠬᠤᠶᠠᠷ ᠲᠦᠷᠦᠯ ᠤᠨ ᠠᠯᠬᠤᠯᠳᠡ ᠶᠢᠨ ᠤᠷᠤᠯᠳᠤᠭᠠᠡ ᠳᠤ ᠲᠡᠷᠢᠬᠦᠯᠡᠪᠡ᠃      8 ᠰᠠᠷ᠎ᠠ ᠶᠢᠨ 15᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠣᠯᠣᠰ ᠲᠦᠷᠦ  ᠶᠢᠨ ᠲᠤᠪᠴᠢᠶᠠᠨ ᠤ ᠪᠠᠶᠢᠩᠭᠤ ᠶᠢᠨ ᠬᠡᠰᠢᠭᠦᠨ ᠴᠢᠶᠤᠤ ᠱᠢ ᠬᠦᠬᠡᠬᠤᠳᠠ ᠳᠤ ᠶᠠᠪᠤᠭᠳᠠᠭᠰᠠᠨ ᠮᠤᠩᠭᠤᠯ ᠤᠨ ᠰᠣᠯᠢᠯᠴᠠᠭᠠᠨ ᠤ ᠴᠤᠭᠯᠠᠭᠠᠨ ᠤ ᠦᠬᠠᠢ ᠶᠢᠨ ᠳᠡᠯᠭᠡᠨ ᠦᠵᠡᠭᠦᠯᠬᠦ ᠲᠢᠩᠭᠢᠮ ᠢ ᠲᠤᠭᠤᠷᠢᠨ ᠦᠵᠡᠵᠦ᠂ ᠦᠬᠠᠢ ᠬᠤᠳᠠ ᠶᠢᠨ ᠦᠵᠠᠬᠦᠯᠣᠯᠬᠡ ᠶᠢ ᠰᠣᠨᠢᠷᠬᠠᠪᠠ᠃      8 ᠰᠠᠷ᠎ᠠ ᠶᠢ 18 ᠤ ᠡᠳᠦᠷ᠂ ᠣᠯᠣᠰ ᠤᠨ ᠭᠠᠵᠠᠷ ᠰ‍‌ᠵᠷᠤᠢ ᠶᠢᠨ ᠬᠠᠮ‍‌ᠵᠶᠠᠷᠤᠯᠳᠡ ᠶᠢᠨ ᠲᠤᠪᠴᠢᠶᠠᠨ ᠤ ᠲᠤᠪᠴᠢᠶᠠᠨ ᠲᠠᠷᠤᠭ᠎ᠠ ᠸᠠᠩ ᠰᠢᠶᠠᠨ ᠵᠢᠶᠠᠨ ᠦᠬᠠᠢ ᠳᠤ ᠢᠷᠡᠵᠦ ᠠᠵᠢᠯ ᠪᠠᠶᠢᠴᠠᠭᠠᠪᠠ᠃      8 ᠰᠠᠷ᠎ᠠ ᠶᠢᠨ 30 ᠤ ᠡᠳᠦᠷ᠂ ᠦᠬᠠᠢ ᠬᠤᠳᠠ ᠦᠪᠡᠷᠳᠡᠭᠡᠨ ᠵᠠᠰᠠᠬᠤ ᠣᠷᠣᠨ ᠤ ᠲᠤᠯᠤᠳᠣᠭᠠᠷ ᠬᠤᠭᠤᠴᠠᠭᠠᠨ ᠤ ᠪᠡᠶ᠎ᠡ ᠲᠠᠮᠢᠷ ᠤᠨ ᠤᠷᠤᠯᠳᠣᠭᠠᠨ ᠳᠤ ᠣᠷᠣᠯᠴᠠᠵᠤ᠂ ᠨᠡᠶᠢᠳᠡ 6 ᠠᠯᠳᠠᠨ ᠮᠧᠲ᠋ᠡᠯ᠂ 3 ᠮᠦᠩᠬᠦᠨ ᠮᠧᠲ᠋ᠡᠯ᠂ 3 ᠬᠦᠷᠡᠯ ᠮᠧᠲ᠋ᠡᠯ ᠬᠦᠷᠳᠡᠪᠡ᠃      9 ᠰᠠᠷ᠎ᠠ ᠶᠢᠨ 6 ᠤ ᠡᠳᠦᠷ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠭᠢᠨᠠᠡ ᠪᠠᠶᠢᠴᠠᠭᠠᠬᠤ ᠲ‍‌ᠵᠩᠭᠢᠮ ᠦᠬᠠᠢ ᠳᠤ ᠪᠠᠷᠠᠭᠤᠨ ᠤᠷᠤᠨ ᠤ ᠠᠵ‍‌ᠵᠯ ᠲᠦᠷᠤᠯ  ᠤᠨ ᠲᠦᠪ ᠪᠤᠰᠤ ᠰᠤᠷᠳᠠᠯ ᠢ ᠵᠠᠯᠠᠷᠠᠭᠤᠯᠬᠤ ᠠᠵᠢᠯ ᠤᠨ ᠰᠠᠭᠤᠳᠠᠯ ᠤᠨ ᠬᠤᠷᠠᠯ ᠬᠢᠪᠡ᠂ ᠬᠤᠳᠠ ᠶᠢᠨ ᠨᠠᠮ ᠵᠠᠰᠠᠭ  ᠤᠨ ᠭᠤᠤᠯ ᠤᠳᠣᠷᠢᠳᠣᠯᠭ᠎ᠠ ᠣᠷᠣᠯᠴᠠᠪᠠ᠃      9 ᠰᠠᠷ᠎ᠠ ᠶᠢᠨ 15 ᠤ ᠡᠳᠦᠷ᠂ ᠬᠠᠶᠢᠷᠣᠪ ᠤᠨ ᠲᠤᠬᠤᠢ ᠶᠢᠨ ᠰᠢᠯ ᠤᠨ ᠦᠢᠯᠡᠳᠪᠦᠷᠢ ᠶᠢᠨ ᠠᠩᠬᠠᠳᠠᠭᠴᠢ ᠪᠦᠯᠦᠭ ᠭᠠᠳᠠᠭᠠᠲᠤ ᠳᠤ ᠭᠠᠷᠬᠤ ᠦᠢᠯᠡᠳᠭᠦᠨ ᠢ ᠮᠤᠩᠭᠤᠯ ᠤᠯᠤᠰ ᠲᠤ ᠪᠤᠷᠤᠯᠠᠭᠤᠯᠪᠠ᠃      9 ᠰᠠᠷ᠎ᠠ ᠶᠢᠨ 23 ~ 27 ᠤ ᠡᠳᠦᠷ᠂ ᠠᠮᠧᠷᠢᠺᠠ ᠶᠢᠨ ᠠᠮᠤᠺᠤ ᠲᠤᠷᠤᠨᠠᠲᠤ ᠶᠢᠨ ᠴᠢᠯᠠᠭᠤᠨ ᠲᠤᠰᠤᠨ ᠤ ᠺᠤᠮᠫᠠᠨᠢ ᠶᠢᠨ ᠭᠠᠵᠠᠷ ᠰᠢᠨᠵᠢᠯᠡᠭᠡᠨ ᠤ ᠡᠷᠳᠡᠮᠳᠡᠨ  ᠯᠣᠷᠧᠨ᠋ᠰ· ᠵᠸᠢ· ᠯᠧᠫᠺᠧ ᠪᠤᠯᠤᠨ ᠴᠧᠨ ᠷᠤ᠋ ᠱᠧᠩ ᠦᠬᠠᠢ  ᠳᠤ ᠬᠠᠶᠢᠨ ᠰᠢᠨᠵᠢᠯᠡᠯᠳᠡ ᠬᠢᠪᠡ᠂ ᠤᠷᠢᠳ ᠬᠤᠵᠢᠳ ᠰᠣᠪᠠᠢ ᠭᠤᠤᠯ᠂ ᠴᠠᠷᠢᠮ ᠤᠨ ᠭᠤᠤᠯ᠂ ᠬᠦᠬᠤᠰᠣ᠂ ︽654︾ ᠵᠡᠷᠭᠡ ᠭᠠᠵᠠᠷ ᠤᠨ ᠭᠡᠭᠡᠷ᠎ᠡ ᠶᠢᠨ ᠭᠠᠵᠠᠷ ᠰᠢᠨᠵᠢᠯᠡᠬᠡᠨ ᠤ ᠣᠭᠲᠣᠯᠣᠭᠠᠰᠣ ᠶᠢ ᠬᠠᠶᠢᠨ ᠰᠢᠨᠵᠢᠪᠡ᠃      ᠲᠤᠰ ᠰᠠᠷ᠎ᠠ᠂ ᠬᠠᠶᠢᠨᠠᠨ ᠲᠤᠭᠤᠷᠢᠭ ᠤᠨ ᠶᠡᠷᠦᠩᠭᠡᠶᠢᠯᠡᠭᠰᠡᠨ ᠴᠣᠬᠯᠠᠭ᠎ᠠ ᠮᠠᠶᠢᠮᠠᠢ ᠶᠢᠨ ᠵᠠᠬ᠎ᠠ ᠳᠠᠯᠬᠡᠬᠦᠷ ᠢ ᠡᠬᠢᠯᠡᠨ ᠪᠠᠶᠢᠭᠤᠯᠪᠠ᠃ ᠲᠤᠰ ᠵᠠᠬ᠎ᠠ ᠲᠡᠯᠭᠡᠭᠦᠷ ᠤᠨ ᠲᠠᠯᠠᠪᠠᠢ ᠨᠢ 2300 ᠭᠠᠷᠣᠢ ᠲᠡᠭᠰᠢ ᠲᠦᠷᠪᠡᠯᠵᠢᠨ ᠮᠧᠲᠷ ᠪᠤᠯᠤᠨ᠎ᠠ᠃      ▲ ᠦᠬᠠᠢ ᠬᠤᠳᠠ ᠶᠢᠨ ᠤᠢ ᠮᠤᠲᠤ ᠳᠤ ᠶᠡᠭᠡ ᠬᠡᠪᠴᠢᠶᠠᠨ ᠤ ᠤᠳᠣᠳᠤ ᠢᠮᠠᠯᠵᠢ ᠶᠢᠨ ᠡᠪᠡᠳᠴᠢᠨ ᠳᠤ ᠨᠡᠷᠪᠡᠭᠳᠡᠵᠦ᠂ ᠭᠠᠮᠰᠢᠭᠳᠠᠭᠰᠠᠨ ᠲᠠᠯᠠᠪᠠᠢ 3000 ᠮᠤ᠋ ᠬᠦᠷᠪᠡ᠃      10 ᠰᠠᠷ᠎ᠠ ᠶᠢᠨ 6 ᠤ ᠡᠳᠦᠷ᠂ ᠦᠬᠠᠢ ᠬᠤᠳᠠ ᠠᠩᠬᠠᠳᠠᠭᠴᠢ ᠤᠳᠠᠭ᠎ᠠ ᠠᠯᠪᠠᠨ ᠪᠠᠶᠢᠭᠤᠯᠭ᠎ᠠ ᠶᠢᠨ ᠠᠵᠢᠯᠳᠠᠨ ᠢ ᠢᠯᠡ ᠪᠠᠷ ᠡᠯᠰᠡᠪᠡ᠃      ▲ᠲᠤᠮᠳᠠᠲᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠠᠴᠠ ︽ᠴᠡᠭᠡᠯ ᠠᠭᠤᠯᠠᠨ ᠤ ᠪᠤᠯᠤᠳ ᠲᠡᠮᠦᠷ ᠤᠨ ᠦᠢᠯᠡᠳᠪᠦᠷᠢ ᠶᠢᠨ ᠲᠤᠷᠰᠢᠯᠭ᠎ᠠ ᠶᠢ ᠰᠣᠷᠣᠯᠴᠠᠨ ᠲᠦᠭᠡᠮᠡᠯᠵᠢᠭᠦᠯᠬᠦ ᠲᠤᠬᠠᠢ ᠰᠢᠢᠳᠪᠦᠷᠢ︾ ᠭᠠᠷᠭᠠᠵᠤ᠂ ᠡᠯ᠎ᠡ ᠲᠡᠰ ᠡᠯ᠎ᠡ ᠲᠦᠷᠦᠯ ᠤᠨ ᠠᠵᠤ ᠠᠬᠤᠶᠢᠯᠠᠯ ᠡᠷᠭᠡᠪᠰᠢ ᠴᠡᠭᠡᠯ ᠠᠭᠤᠯᠠᠨ ᠤ ᠪᠤᠯᠤᠳ ᠲᠡᠮᠦᠷ ᠤᠨ ᠦᠢᠯᠡᠳᠪᠦᠷᠢ ᠪᠠᠷ ᠲᠠᠭᠤᠷᠢᠶᠠᠯ ᠪᠤᠯᠭᠠᠵᠤ᠂ ᠲᠤᠲᠤᠭᠠᠲᠤ ᠳᠠᠭᠠᠨ ᠦᠷ᠎ᠡ ᠠᠰᠢᠭ ᠢ ᠠᠳᠬᠤᠵᠦ᠂ ᠬᠠᠮᠲᠤ ᠪᠠᠷ ᠬᠦᠴᠢᠷ ᠪᠡᠷᠭᠡᠰᠢᠶᠠᠯ ᠢ ᠲᠤᠭᠤᠯᠵᠤ᠂ ᠠᠵᠤ ᠠᠬᠤᠶᠢᠯᠠᠯ ᠤᠨ ᠬᠠᠮᠢᠶᠠᠷᠣᠯᠳᠠ ᠪᠤᠯᠤᠨ ᠦᠢᠯᠡᠳᠪᠦᠷᠢᠯᠡᠯ ᠤᠨ ᠲᠠᠯ᠎ᠠ ᠪᠠᠷ ᠢᠯᠡᠳᠳᠡ ᠬᠤᠪᠢᠷᠠᠯᠳᠠ ᠭᠠᠷᠭᠠᠬᠤ ᠬᠡᠷᠡᠭᠳᠡᠢ ᠬᠡᠵᠦ ᠱᠠᠭᠠᠷᠳᠠᠪᠠ᠃      10 ᠰᠠᠷ᠎ᠠ ᠶᠢᠨ 17 ᠤ ᠡᠳᠦᠷ᠂ ᠬᠤᠳᠠ ᠶᠢᠨ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠪᠡᠯᠪᠡᠰᠦᠷᠡᠯ ᠤᠨ ᠶᠠᠪᠤᠳᠠᠯ ᠢ ᠲᠦᠬᠦᠮ ᠬᠢᠬᠦ ᠤᠷᠢᠶᠠᠯᠭ᠎ᠠ ᠭᠠᠷᠭᠠᠪᠠ᠃      10 ᠰᠠᠷ᠎ᠠ ᠶᠢᠨ 26 ᠤ ᠡᠳᠦᠷ᠂ ᠬᠤᠳᠠ ᠶᠢᠨ ᠵᠠᠮ ᠬᠠᠷ‍‌ᠵᠯᠴᠠᠭᠠᠡ ᠤ ᠲᠤᠪᠴᠢᠶᠠᠨ ᠤ ᠵᠠᠰᠠᠮᠠᠯ ᠵᠠᠮ ᠤᠨ ᠷᠡᠷᠦᠩᠭᠡᠢ ᠬᠡᠰᠡᠭ ᠤᠨ ᠬᠠᠷᠢᠶᠠᠨ ᠳᠠᠬᠢ ᠬᠠᠶᠢᠨᠠᠨ ᠤ ᠵᠠᠰᠠᠮᠠᠯ ᠵᠠᠮ ᠤᠨ ᠬᠡᠰᠡᠭ ᠪᠤᠯᠤᠨ ᠵᠢᠶᠠᠨ ᠬᠦᠢ ᠶᠢᠨ ᠵᠠᠰᠠᠮᠠᠯ ᠵᠠᠮ ᠤᠨ ᠬᠡᠰᠡᠭ ᠤᠨ ᠪᠦᠯᠦᠭ ᠬᠦᠮᠦᠰ ᠰᠢ ᠠᠨ ᠳᠤ ᠤᠴᠢᠬᠤ ᠵᠠᠮ ᠳᠠᠭᠠᠨ ᠰᠠᠭᠤᠭᠰᠠᠨ ᠲᠤᠮᠤ ᠮᠠᠰᠢᠨ ᠲᠡᠷᠭᠡ ᠨᠢ ᠱᠠᠨ ᠰᠢ ᠮᠤᠵᠢ ᠶᠢᠨ ᠴᠠᠩ ᠡᠣ ᠰᠢᠶᠠᠨ ᠤ ᠬᠢᠯᠢ ᠲᠤᠲᠤᠷ᠎ᠠ ᠬᠦᠷᠪᠡᠵᠦ᠂ 10 ᠬᠦᠮᠦᠨ ᠦᠬᠦᠵᠦ 40 ᠬᠦᠮᠦᠨ ᠰᠢᠷᠬᠠᠳᠣᠪᠠ᠃      ᠲᠤᠰ ᠰᠠᠷ᠎ᠠ᠂ ᠦᠬᠠᠢ ᠬᠤᠳᠠ ᠶᠢᠨ ᠪᠠᠭᠠᠴᠣᠳ ᠤᠨ ᠬᠤᠰᠢᠭᠤᠴᠢ ᠠᠩᠬᠢ ᠶᠢᠨ10 ᠬᠡᠰᠢᠭᠦᠨ ᠪᠦᠬᠦ ᠤᠯᠤᠰ  ᠤᠨ ᠰᠢᠯᠢᠳᠡᠭ ᠪᠠᠭᠠᠴᠣᠳ ᠰᠢᠯᠢᠳᠡᠭ ᠬᠡᠦᠭᠡᠳ ᠤᠨ ᠰᠣᠩᠭᠤᠯᠳᠠ ᠶᠢ ᠬᠦᠬᠢᠬᠦᠯᠦᠭᠳᠡᠪᠡ᠂ 6 ᠬᠦᠮᠦᠨ ︽ᠲᠤᠮᠳᠠᠲᠤ ᠣᠯᠣᠰ ᠤᠨ ᠰᠢᠯᠢᠳᠡᠭ ᠪᠠᠭᠠᠴᠣᠳ︾ ᠤᠨ ᠴᠤᠯᠠ ᠬᠦᠷᠳᠡᠵᠦ᠂ 4 ᠬᠦᠮᠦᠨ ︽ᠲᠤᠮᠲᠠᠲᠤ ᠤᠯᠤᠰ ᠤᠨ ᠰᠢᠯᠢᠳᠡᠭ ᠭᠡᠦᠭᠡᠳ︾ ᠤᠨ ᠴᠤᠯᠠ ᠬᠦᠷᠳᠡᠪᠡ᠃      11 ᠰᠠᠷ᠎ᠠ ᠶᠢᠨ 19 ᠤ ᠡᠳᠦᠷ᠂ ᠬᠠᠶᠢᠨᠠᠨ ᠲᠤᠭᠤᠷᠢᠭ ᠤᠨ 1920 ᠨᠠᠬᠡᠯᠠᠬᠡᠢ ᠲᠠᠢ ᠠᠦ᠋ᠲ᠋ᠣ᠋ ᠳ᠋ᠢᠶᠠᠩᠬᠤᠸᠠ  ᠶᠢ ᠣᠭᠰᠠᠷᠠᠨ ᠲᠠᠭᠤᠰᠴᠤ ᠬᠡᠷᠡᠭᠯᠡᠯᠳᠡ ᠳᠤ ᠣᠷᠣᠪᠠ᠃ ᠠᠳᠡ ᠬᠦᠷᠳᠡᠯ᠎ᠡ ᠬᠤᠳᠠ ᠶᠢᠨ ᠲᠤᠲᠤᠷᠠᠬᠢ ᠭᠤᠷᠪᠠᠨ ᠲᠤᠭᠤᠷᠢᠭ ᠤᠨ ᠠᠦ᠋ᠲ᠋ᠣ᠋ ᠳ᠋ᠢᠶᠠᠩᠬᠤᠸᠠ ᠪᠦᠬᠦᠨ ᠢᠶᠠᠷ ᠳᠣᠣᠷᠵᠢᠭᠤᠯᠣᠯᠳᠠ ᠶᠢ ᠪᠡᠶᠡᠯᠡᠬᠦᠯᠪᠡ᠃      11 ᠰᠠᠷ᠎ᠠ ᠶᠢᠨ 25 ᠤ ᠡᠳᠦᠷ᠂ ᠬᠤᠳᠠ ᠶᠢᠨ ᠵᠢᠭᠤᠯᠴᠢᠯᠠᠯ ᠤᠨ ᠺᠤᠮᠫᠠᠨᠢ ᠶᠢᠨ ᠨᠢᠭᠡᠳᠦᠭᠡᠷ ᠠᠶᠠᠨᠴᠢᠳ ᠤᠨ ᠤᠩᠭᠤᠴᠠ — ︽ᠦ᠋ ᠲᠦᠩ︾ ᠲᠡᠮᠳᠡᠭᠲᠤ ᠤᠩᠭᠤᠴᠠ ᠶᠢ ᠣᠰᠣᠨ ᠳᠤ ᠣᠷᠣᠭᠤᠯᠵᠦ᠂ ᠬᠢᠯᠢ ᠶᠢᠨ ᠲᠤᠲᠤᠷᠠᠬᠢ ᠬᠠᠳᠣᠨ ᠭᠤᠤᠯ ᠢᠶᠠᠷ ᠵᠤᠭᠠᠴᠠᠬᠤ ᠳᠤ ᠲᠤᠰᠬᠠᠢ ᠦᠢᠯᠡᠴᠢᠯᠡᠭᠦᠯᠪᠡ᠃      12 ᠰᠠᠷ᠎ᠠ ᠶᠢᠨ 25 ᠤ ᠡᠳᠦᠷ᠂ ᠬᠤᠳᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ  ᠠᠴᠠ ᠠᠩᠬᠠᠳᠠᠭᠴᠢ ᠤᠳᠠᠭᠠᠨ ᠤ ᠭᠡᠷ ᠲᠤᠲᠤᠷᠠᠬᠢ ᠡᠭᠦᠰᠦᠮᠡᠯ ᠭᠠᠮᠰᠢᠭ ᠤᠨ ᠪᠠᠴᠢᠮ ᠠᠪᠤᠷᠠᠨ ᠳᠤᠰᠠᠯᠠᠬᠤ ᠰᠣᠲᠣᠯᠣᠯᠳᠠ ᠶᠢᠨ ᠴᠢᠨᠠᠷ ᠲᠠᠢ ᠰᠤᠷᠢᠯᠳᠠ ᠬᠢᠵᠦ ᠠᠮᠵᠢᠯᠳᠠ ᠤᠯᠪᠠ᠃ ᠦᠪᠡᠷᠳᠡᠭᠡᠨ ᠵᠠᠰᠠᠬᠤ ᠣᠷᠣᠨ ᠤ ᠠᠷᠠᠳ  ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠦᠬᠠᠢ ᠬᠤᠳᠠ ᠶᠢᠨ ᠨᠠᠮ ᠤᠨ ᠬᠤᠷᠢᠶ᠎ᠠ᠂ ᠦᠬᠠᠢ ᠶᠢᠨ ᠴᠡᠷᠢᠭ  ᠤᠨ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠤᠯᠤᠨ ᠬᠦᠷᠰᠢ ᠵᠡᠷᠭᠡᠯᠡᠳᠡᠭᠡ ᠠᠶᠢᠮᠠᠭ ᠬᠤᠳᠠ ᠶᠢᠨ ᠠᠷᠠᠳ  ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠲᠦᠯᠦᠭᠡᠯᠡᠭᠴᠢ ᠰᠤᠷᠢᠯᠳᠠ ᠶᠢ ᠦᠵᠡᠪᠡ᠃      ᠲᠣᠰ ᠰᠠᠷ᠎ᠠ᠂ ᠬᠠᠶᠢᠷᠣᠪ ᠤᠨ ᠲᠤᠬᠤᠢ ᠠᠭᠤᠷᠬᠠᠢ ᠶᠢᠨ ᠶᠠᠪᠤᠳᠠᠯ ᠤᠨ ᠲᠤᠪᠴᠢᠶᠠᠨ ᠤ ᠬᠦᠬᠤᠰᠣ ᠨᠡᠭᠦᠷᠡᠰᠦᠨ ᠠᠭᠤᠷᠬᠠᠢ ᠪᠦᠬᠦ ᠤᠯᠤᠰ ᠤᠨ ᠨᠡᠭᠦᠷᠡᠰᠦᠨ ᠤ ᠰᠢᠰᠲ᠋ᠧᠮ ᠤᠨ ︽ᠨᠢᠭᠡ ᠨᠡᠪᠳᠡᠷᠡᠬᠦ ᠭᠤᠷᠪᠠᠨ ᠰᠡᠷᠭᠡᠶᠢᠯᠡᠬᠦ︾ ︵ᠰᠠᠯᠬᠢ ᠨᠡᠪᠳᠡᠷᠡᠭᠦ᠂ ᠢᠯᠡ ᠭᠠᠯ ᠠᠴᠠ ᠰᠡᠷᠭᠡᠶᠢᠯᠡᠬᠦ᠂ ᠲᠤᠭᠤᠰᠤ ᠠᠴᠠ ᠰᠡᠷᠭᠡᠶᠢᠯᠡᠬᠦ᠂ ᠭᠠᠰ ᠠᠴᠠ ᠰᠡᠷᠭᠡᠶᠢᠯᠡᠬᠦ︶ ᠪᠠᠶᠢᠴᠠᠭᠠᠯᠳᠠ ᠲᠤᠮᠳᠠ᠂ ᠰᠤᠩᠭᠤᠨ ᠪᠠᠶᠢᠴᠠᠭᠠᠭᠰᠠᠨ ᠲᠦᠷᠦᠯ ᠵᠦᠢᠯ ᠨᠢ ᠪᠦᠷ 90 ᠬᠤᠪᠢ ᠠᠴᠠ ᠲᠠᠪᠠᠵᠦ᠂ ᠤᠨᠴᠠ ᠲᠡᠰ ᠤᠨ ᠪᠠᠷᠢᠮᠵᠢᠶᠠᠲᠤ ᠠᠭᠤᠷᠬᠠᠢ ᠪᠠᠷ ᠬᠦᠬᠢᠬᠦᠯᠦᠭᠳᠡᠪᠡ᠃      ▲ ᠣᠳᠠ ᠲᠤᠭᠤᠷᠢᠭ᠂ ᠬᠠᠶᠢᠷᠤᠪ ᠤᠨ ᠲᠤᠬᠤᠢ ᠲᠤᠭᠤᠷᠢᠭ᠂ ᠬᠠᠶᠢᠨᠠᠨ ᠲᠤᠭᠤᠷᠢᠭ ᠲᠤᠰ ᠲᠤᠰ ᠲᠤᠮᠳᠠᠲᠤ ᠤᠯᠤᠰ ᠤᠨ ᠡᠪ ᠬᠠᠮᠲᠤ ᠨᠠᠮ ᠤᠨ ᠭᠤᠷᠪᠠᠳᠣᠭᠠᠷ ᠤᠳᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠣᠪᠠ᠃ ᠹᠧᠩ ᠫᠸᠢ ᠬᠦᠢ᠂ ᠶᠢᠨ ᠰᠢᠨ ᠬᠤᠸᠠ᠂ ᠠᠢ ᠵᠧᠨ ᠶᠢᠩ ᠲᠤᠭᠤᠷᠢᠭ ᠤᠨ ᠬᠤᠷᠢᠶᠠᠨ ᠤ ᠱᠦᠵᠢ ᠪᠠᠷ ᠰᠣᠩᠭᠤᠭᠳᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号