ᠡᠨᠡ ᠵᠢᠯ ᠠᠴᠠ ᠨᠠᠰᠢ᠂ ᠤᠳᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠡᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠨᠡᠶᠢᠳᠭᠡᠬᠦ᠂ ᠴᠤᠪᠤᠷᠠᠯ ᠢ ᠳᠠᠬᠢᠨ ᠪᠠᠶᠢᠭᠤᠯᠬᠤ ᠪᠠᠷ ᠳᠠᠮᠵᠢᠭᠤᠯᠤᠨ᠂ ᠠᠵᠢᠯ | ᠲᠥᠷᠥᠯ ᠤᠨ ᠳᠣᠲᠣᠭᠠᠳᠤ ᠶᠢᠨ ᠣᠯᠠᠨ ᠰᠠᠯᠠᠭ᠎ᠠ ᠮᠥᠴᠢᠷ ᠲᠤ ᠬᠤᠯᠪᠣᠭᠳᠠᠭᠰᠠᠨ ᠣᠯᠠᠨ ᠬᠢᠨᠠᠨ ᠵᠥᠪᠰᠢᠶᠡᠷᠡᠬᠦ | ᠵᠦᠢᠯᠡᠰ ᠢ ︽ᠨᠢᠭᠡ ᠶᠠᠪᠤᠳᠠᠯ︾ ᠪᠣᠯᠭᠠᠨ ᠨᠡᠶᠢᠳᠭᠡᠪᠡ᠃ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ | ᠬᠦᠢᠴᠡᠳᠭᠡᠬᠦ ᠳᠤ ︽ᠣᠯᠠᠨ ᠬᠦᠰᠦᠨᠦᠭᠲᠦ᠂ ᠣᠯᠠᠨ ᠴᠣᠩᠬᠤᠪᠴᠢ᠂ ᠣᠯᠠᠨ ᠤᠳᠠᠭ᠎ᠠ᠂ ᠣᠯᠠᠨ ᠭᠠᠵᠠᠷ ᠣᠯᠠᠨ ᠬᠡᠷᠡᠴᠢ︾ | ᠠᠴᠠ ︽ᠨᠢᠭᠡ ᠯᠡ ᠬᠦᠰᠦᠨᠦᠭᠲᠦ᠂ ᠨᠢᠭᠡ ᠯᠡ ᠴᠣᠩᠬᠤᠪᠴᠢ᠂ ᠨᠢᠭᠡ ᠯᠡ ᠤᠳᠠᠭ᠎ᠠ᠂ ᠨᠢᠭᠡ ᠯᠡ ᠦᠵᠦᠭᠦᠷᠯᠢᠭ᠂ ᠨᠢᠭᠡ | ᠯᠡ ᠬᠡᠷᠡᠴᠢ︾ ᠪᠣᠯᠭᠠᠨ ᠳᠥᠭᠦᠮᠴᠢᠯᠡᠵᠦ᠂ ︽ᠨᠢᠭᠡ ᠯᠡ ᠬᠦᠰᠦᠨᠦᠭᠲᠦ︾ ᠪᠠᠷ ᠭᠤᠶᠤᠴᠢᠯᠠᠬᠤ᠂ ︽ᠨᠢᠭᠡ ᠯᠡ ᠢᠵᠢ | ᠮᠠᠲ᠋ᠧᠷᠢᠶᠠᠯ︾ ᠢᠶᠠᠷ ᠭᠥᠯᠢᠶᠡᠨ ᠠᠪᠴᠤ ᠬᠦᠢᠴᠡᠳᠭᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠪᠡ᠃ | ᠣᠲᠣ ᠪᠣᠯᠲᠠᠯ᠎ᠠ᠂ ᠤᠳᠠ ᠲᠣᠭᠤᠷᠢᠭ 152 ᠬᠤᠪᠢ ᠤᠴᠢᠷ ᠶᠠᠪᠤᠳᠠᠯ ᠢ ︽ᠨᠢᠭᠡ ᠯᠡ ᠤᠳᠠᠭ᠎ᠠ ᠳᠤ | ᠭᠦᠢᠴᠡᠳᠬᠡᠬᠦ︾ ᠶᠢ ᠪᠡᠶᠡᠯᠡᠭᠦᠯᠵᠦ᠂ ᠡᠭᠦᠨ ᠳᠤ ︽ᠪᠢ ᠵᠡᠮᠳᠡᠭᠴᠦᠳ ᠤᠨ ᠦᠨᠡᠮᠯᠡᠯ ᠢ ᠭᠤᠶᠤᠴᠢᠯᠠᠨ ᠭᠦᠢᠴᠡᠳᠬᠡᠨ᠎ᠡ︾ | ︽ᠪᠢ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠭᠤᠶᠤᠴᠢᠯᠠᠨ ᠭᠦᠢᠴᠡᠳᠬᠡᠨ᠎ᠡ︾ ᠵᠡᠷᠭᠡ ᠦᠨᠡᠮᠯᠡᠯ | ᠭᠦᠢᠴᠡᠳᠭᠡᠬᠦ ᠲᠥᠷᠥᠯ ᠵᠦᠢᠯᠡᠰ᠂ ︽ᠪᠢ ᠵᠢᠵᠢᠭ ᠬᠤᠭᠤᠯᠠᠨ ᠭᠡᠷ ᠡᠷᠬᠢᠯᠡᠨ᠎ᠡ︾ ︽ᠪᠢ ᠰᠢᠷᠠᠯᠠᠭ᠎ᠠ ᠶᠢᠨ ᠭᠠᠵᠠᠷ | ᠡᠷᠬᠢᠯᠡᠨ᠎ᠡ︾ ᠵᠡᠷᠭᠡ ᠢᠳᠡᠭᠡᠨ ᠤ ᠲᠥᠷᠥᠯ ᠵᠦᠢᠯᠡᠰ᠂ ︽ᠪᠢ KTV ᠨᠡᠭᠡᠭᠡᠨ᠎ᠡ︾ ︽ᠪᠢ ᠴᠠᠶ ᠶᠢᠨ ᠮᠤᠬᠤᠯᠠᠭ | ᠨᠡᠭᠡᠭᠡᠨ᠎ᠡ︾ ᠵᠡᠷᠭᠡ ᠵᠤᠭ᠎ᠠ ᠴᠡᠩᠭᠡᠯ ᠤᠨ ᠲᠥᠷᠥᠯ ᠵᠦᠢᠯᠡᠰ ᠵᠢᠴᠢ ︽ᠪᠢ ᠬᠤᠪᠴᠠᠰᠤ ᠤᠬᠢᠶᠠᠬᠤ ᠭᠠᠵᠠᠷ ᠡᠷᠬᠢᠯᠡᠨ᠎ᠡ︾ | ︽ᠪᠢ ᠲᠡᠷᠭᠡ ᠤᠬᠢᠶᠠᠬᠤ ᠭᠠᠵᠠᠷ ᠨᠡᠭᠡᠭᠡᠨ᠎ᠡ︾ ᠵᠡᠷᠭᠡ ᠠᠮᠢᠳᠤᠷᠠᠯ ᠤᠨ ᠲᠥᠷᠥᠯ ᠵᠦᠢᠯᠡᠰ ᠤᠨ ᠬᠡᠷᠡᠭ ᠶᠠᠪᠤᠳᠠᠯ ᠢ | ᠭᠦᠢᠴᠡᠳᠬᠡᠪᠡ᠃ | ᠡᠭᠦᠨ ᠤ ᠬᠠᠮᠲᠤ᠂ ᠲᠣᠰ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ 5 ︽ᠮᠥᠩᠬᠡ | ᠰᠤᠪᠠᠭ· ᠨᠢᠭᠡ ᠯᠡ ᠤᠳᠠᠭ᠎ᠠ ᠳᠤ ᠬᠦᠢᠴᠡᠳᠬᠡᠬᠦ︾ ᠴᠣᠩᠬᠤᠪᠴᠢ ᠭᠠᠷᠭᠠᠵᠤ᠂ ᠣᠯᠠᠨ ᠲᠦᠮᠡᠨ ︽ᠨᠢᠭᠡ ᠯᠡ | ᠤᠳᠠᠭ᠎ᠠ ᠳᠤ ᠬᠦᠢᠴᠡᠳᠬᠡᠬᠦ︾ ᠴᠣᠩᠬᠤᠪᠴᠢ ᠳᠤ ᠬᠦᠷᠴᠦ ᠬᠦᠢᠴᠡᠳᠬᠡᠬᠦ ᠵᠦᠢᠯᠡᠰ ᠤᠨ ᠬᠤᠯᠪᠤᠭᠳᠠᠯ ᠪᠦᠬᠦᠢ | ᠮᠠᠲ᠋ᠧᠷᠢᠶᠠᠯ ᠢᠶᠠᠨ ᠲᠤᠰᠢᠶᠠᠵᠤ ᠬᠦᠢᠴᠡᠳᠬᠡᠵᠦ ᠪᠣᠯᠤᠨ᠎ᠠ᠃ 6 ᠰᠠᠷ᠎ᠠ ᠶᠢᠨ ᠰᠡᠭᠦᠯᠴᠢ ᠪᠣᠯᠲᠠᠯ᠎ᠠ᠂ ︽ᠨᠢᠭᠡ ᠯᠡ | ᠤᠳᠠᠭ᠎ᠠ ᠳᠤ ᠬᠦᠢᠴᠡᠳᠬᠡᠬᠦ︾ ᠴᠣᠩᠬᠤᠪᠴᠢ ᠶᠢᠨ ᠬᠦᠢᠴᠡᠳᠬᠡᠯ ᠲᠤᠭ᠎ᠠ ᠨᠢᠭᠡᠨᠲᠡ 5375 ᠬᠤᠪᠢ ᠳᠤ ᠬᠦᠷᠪᠡ᠃ | ᠤᠳᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠡᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ ᠨᠠᠩ ᠣᠯᠠᠨ ᠭᠦᠢᠴᠡᠳᠭᠡᠬᠦ ᠳᠤ ᠠᠮᠠᠷᠬᠠᠨ᠂ ᠭᠦᠢᠴᠡᠳᠭᠡᠬᠦ ᠳᠤ ᠬᠢᠯᠪᠠᠷ᠂ ᠣᠶᠤᠨᠴᠢ ᠪᠠᠷ ᠭᠦᠢᠴᠡᠳᠭᠡᠬᠦ | ᠭᠤᠤᠯ ᠰᠡᠳᠦᠪᠲᠦ ᠬᠤᠷᠠᠮᠠᠯ ᠦᠢᠯᠡᠴᠢᠯᠡᠭᠡ ᠶᠢ ᠦᠷᠭᠦᠯᠵᠢᠯᠡᠨ ᠭᠠᠷᠭᠠᠵᠤ᠂ ᠢᠬᠢᠷ ᠰᠢᠬᠢᠷ ︽ᠤᠯᠠᠨ ᠶᠠᠪᠤᠳᠠᠯ︾ ᠢ | ᠲᠥᠬᠦᠮ ︽ᠨᠢᠭᠡ ᠯᠡ ᠶᠠᠪᠤᠳᠠᠯ︾ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠲᠠᠰᠤᠷᠠᠯᠲᠠ | ᠥᠬᠡᠶ ᠲᠥᠬᠦᠮ ᠦᠵᠡᠭᠦᠯᠬᠦ ᠪᠣᠯᠤᠨ᠎ᠠ᠃ |