ᠲᠠᠩ ᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/22
     7 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠠᠪᠤᠳᠠᠯ ᠤᠨ ᠲᠤᠬᠠᠢ ᠰᠤᠳᠤᠯᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠸᠠᠩ ᠵᠢᠶ ᠫᠢᠩ ᠶᠠᠷᠢᠯᠴᠠᠬᠤ ᠬᠤᠷᠠᠯ ᠳᠤ ᠣᠷᠣᠯᠴᠠᠪᠠ᠃

     ᠲᠠᠩ ᠢ ᠤᠷᠢᠳ ᠬᠤᠵᠢᠳ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠠᠶᠢᠷᠤᠪ ᠤᠨ ᠲᠣᠬᠤᠢ

ᠲᠣᠭᠤᠷᠢᠭ ᠤᠨ ᠬᠠᠶᠢᠪᠸᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠴᠢᠩ

ᠱᠠᠨ ᠨᠠᠨ ᠶᠤᠸᠠᠨ ᠰᠠᠭᠤᠭᠠᠯᠢ ᠲᠤᠭᠤᠷᠢᠭ ᠳᠠᠬᠢ ᠡᠷᠡᠭᠦᠯ ᠮᠡᠨᠳᠦ ᠶᠢᠨ ᠥᠷᠲᠡᠭᠡ᠂ ᠬᠠᠶᠢᠷᠤᠪ ᠤᠨ ᠲᠣᠬᠤᠢ

ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠳᠤ ᠬᠦᠷᠴᠦ᠂ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ

ᠪᠦᠯᠦᠭᠯᠡᠯ ᠤᠨ ᠪᠥᠲᠥᠭᠡᠨ ᠪᠠᠶᠢᠭᠤᠯᠤᠯᠲᠠ᠂ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂

ᠦᠨᠳᠦᠰᠦᠨ ᠱᠠᠲᠤᠨ ᠤ ᠡᠷᠡᠭᠦᠯ ᠮᠡᠨᠳᠦ ᠶᠢᠨ ᠦᠢᠯᠡᠴᠢᠯᠡᠭᠡ ᠵᠡᠷᠭᠡ ᠪᠠᠶᠢᠳᠠᠯ ᠢ ᠨᠢ ᠲᠤᠬᠠᠶ ᠶᠢᠨ ᠭᠠᠵᠠᠷ ᠲᠤᠨᠢ

ᠣᠶᠢᠯᠠᠭᠠᠪᠠ᠃

     ᠶᠠᠷᠢᠯᠴᠠᠬᠤ ᠬᠤᠷᠠᠯ ᠳᠡᠭᠡᠷ᠎ᠡ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠥᠬᠦ

ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽1+ N︾

ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ 6 ᠡᠮᠴᠢᠯᠡᠭᠡ ᠡᠷᠡᠭᠦᠯ

ᠬᠠᠮᠠᠭᠠᠯᠠᠯ ᠤᠨ ᠰᠢᠰᠲ᠋ᠧᠮ ᠤᠨ ᠲᠥᠯᠥᠭᠡᠯᠡᠭᠴᠢ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ

ᠤᠶᠠᠯᠳᠤᠭᠤᠯᠤᠨ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ

ᠠᠬᠢᠭᠤᠯᠬᠤ ᠶᠢᠨ ᠲᠣᠭᠤᠷᠢᠨ ᠳᠤ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃ ᠲᠠᠩ ᠢ ᠶᠠᠷᠢᠶ᠎ᠠ ᠶᠢ

ᠨᠠᠷᠢᠨ ᠬᠢᠨᠠᠮᠠᠭᠠᠢ ᠰᠣᠨᠣᠰᠴᠤ᠂ ᠤᠯᠠᠨ ᠲᠠᠢ ᠪᠠᠶᠢᠨ ᠪᠠᠶᠢᠨ ᠭᠦᠨᠵᠡᠭᠡᠢ ᠰᠤᠳᠤᠯᠤᠨ ᠶᠠᠷᠢᠯᠴᠠᠵᠤ᠂ ᠰᠠᠨᠠᠯ ᠢᠶᠠᠨ

ᠰᠣᠯᠢᠯᠴᠠᠪᠠ᠃

     ᠲᠠᠩ ᠢ ᠬᠡᠯᠡᠭᠰᠡᠨ ᠨᠢ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ

︽1+ N︾ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠴᠠ ᠨᠠᠰᠢ᠂ ᠪᠥᠬᠦ ᠬᠤᠲᠠ ᠶᠢᠨ ᠡᠮᠴᠢᠯᠡᠭᠡ ᠡᠷᠡᠭᠦᠯ

ᠬᠠᠮᠠᠭᠠᠯᠠᠯ ᠤᠨ ᠵᠥᠭᠡᠯᠡᠨ ᠬᠠᠲᠠᠭᠤ ᠲᠣᠨᠤᠭ ᠤᠨ ᠬᠢᠷᠢ ᠲᠦᠪᠰᠢᠨ ᠴᠥᠮ ᠢᠯᠡᠳᠲᠡ ᠳᠡᠭᠡᠭᠰᠢᠯᠡᠵᠦ᠂ ᠡᠪᠡᠳᠴᠢᠨ

ᠦᠵᠡᠭᠦᠯᠬᠦ ᠣᠷᠴᠢᠨ ᠲᠣᠭᠤᠷᠢᠨ ᠲᠠᠰᠤᠷᠠᠯᠲᠠ ᠥᠬᠡᠶ ᠰᠢᠯᠢᠳᠡᠭᠵᠢᠵᠦ᠂ ᠡᠮᠴᠢ ᠶᠢᠨ ᠮᠣᠷᠠᠯ ᠰᠤᠷᠲᠠᠯ ᠦᠷᠭᠦᠯᠵᠢᠯᠡᠨ

ᠰᠠᠶᠢᠵᠢᠷᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠢᠯᠠᠩᠭᠤᠶ᠎ᠠ

ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠴᠢᠳᠠᠪᠤᠷᠢᠲᠠᠨ ᠤ ᠡᠩᠨᠡᠭᠡ᠂ ᠨᠠᠮ ᠤᠨ ᠪᠠᠶᠢᠭᠤᠯᠤᠯᠲᠠ ᠶᠢ ᠪᠥᠬᠦ

ᠲᠠᠯ᠎ᠠ ᠪᠠᠷ ᠴᠢᠩᠭᠠᠳᠬᠠᠬᠤ ᠵᠡᠷᠭᠡ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠤᠯᠪᠠ᠃ ᠡᠯ᠎ᠡ ᠱᠠᠳᠤ ᠡᠯ᠎ᠡ

ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠠᠷᠠᠳ ᠲᠦᠮᠡᠨ ᠢᠶᠠᠷ

ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ ᠨᠠᠮ ᠤᠨ

ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠡᠮᠴᠢᠯᠡᠭᠡ ᠡᠷᠡᠭᠦᠯ

ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠢᠨ᠎ᠡ ᠪᠠᠶᠢᠷᠢᠯᠠᠭᠤᠯᠤᠯᠲᠠ᠂

ᠰᠢᠨ᠎ᠡ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠭᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ

ᠴᠢᠩᠭᠠᠳᠬᠠᠵᠤ᠂ ᠥᠭᠡᠷᠡᠴᠢᠯᠡᠯᠲᠡ ᠠᠴᠠ ᠬᠥᠳᠡᠯᠭᠡᠬᠦ ᠬᠦᠴᠦᠨ ᠤᠯᠬᠤ᠂ ᠦᠷ᠎ᠡ ᠪᠦᠲᠦᠮᠵᠢ ᠤᠯᠬᠤ᠂ ᠠᠰᠢᠭ

ᠬᠦᠷᠳᠡᠬᠦ ᠶᠢ ᠪᠠᠷᠢᠮᠲᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ︽1+ N︾ ᠲᠦᠷᠦ ᠶᠢᠨ ᠪᠤᠳᠤᠯᠭ᠎ᠠ ᠶᠢ

ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠡᠯᠡᠵᠦ᠂ ᠳᠤᠲᠠᠭᠤᠳᠠᠯ ᠢᠶᠠᠨ ᠣᠨᠣᠪᠴᠢᠲᠠᠢ ᠡᠷᠢᠵᠦ᠂ ᠴᠠᠭ ᠦᠶ᠎ᠡ ᠲᠠᠢ

ᠵᠡᠷᠭᠡᠪᠡᠷ ᠤᠷᠤᠭᠰᠢᠯᠠᠵᠤ᠂ ᠥᠭᠡᠷᠡᠴᠢᠯᠡᠯᠲᠡ ᠶᠢ ᠰᠢᠰᠲ᠋ᠧᠮ ᠲᠠᠢ ᠠᠬᠢᠭᠤᠯᠵᠤ᠂ ᠠᠷᠭ᠎ᠠ ᠬᠡᠮᠵᠢᠶ᠎ᠡ ᠪᠠᠨ

ᠲᠡᠭᠦᠯᠳᠡᠷᠵᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠦᠪᠰᠢᠨ

 ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ

ᠨᠡᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃

     ᠲᠠᠩ ᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ

ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠡ᠃ ᠨᠢᠭᠡ ᠳᠤ᠂ ᠡᠮᠴᠢᠯᠡᠭᠡ ᠪᠠᠨ ᠰᠢᠯᠢᠳᠡᠭᠵᠢᠭᠦᠯᠬᠦ ᠬᠡᠷᠡᠭᠲᠡᠶ᠃ ᠡᠮᠴᠢᠯᠡᠭᠡᠨ ᠤ

ᠪᠠᠶᠢᠭᠤᠯᠤᠮᠵᠢ ᠶᠢᠨ ᠣᠨᠣᠰᠢᠯᠠᠨ ᠡᠮᠨᠡᠬᠦ ᠴᠢᠳᠠᠪᠤᠷᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠪᠠᠭ᠎ᠠ

ᠡᠪᠡᠳᠴᠢᠨ ᠢ ᠵᠠᠰᠠᠵᠤ ᠳᠡᠶᠢᠯᠬᠦ᠂ ᠬᠦᠨᠳᠦ ᠡᠪᠡᠳᠴᠢᠨ ᠢ ᠡᠮᠨᠡᠭᠦᠯᠵᠦ ᠳᠡᠶᠢᠯᠬᠦ᠂ ᠰᠡᠵᠢᠭ ᠲᠠᠢ ᠡᠪᠡᠳᠴᠢᠨ ᠢ ᠢᠯᠭᠠᠨ

ᠲᠤᠲᠤᠯᠠᠵᠤ ᠲᠡᠶᠢᠯᠬᠦ ᠶᠢ ᠪᠡᠶᠡᠯᠡᠭᠦᠯᠵᠦ᠂ ᠠᠷᠠᠳ ᠣᠯᠠᠨ ᠤ ᠢᠳᠡᠭᠡᠮᠵᠢ ᠶᠢᠨ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ

ᠨᠡᠮᠡᠭᠳᠡᠭᠦᠯᠬᠦ ᠬᠡᠷᠡᠭᠲᠡᠶ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠪᠠᠨ ᠴᠢᠩᠭᠠᠳᠬᠠᠵᠤ᠂

ᠠᠯᠤᠰ ᠡᠵᠡᠮᠰᠢᠯᠲᠦ ᠡᠮᠴᠢᠯᠡᠭᠡ᠂ ᠲᠤᠰᠬᠠᠶ ᠮᠡᠷᠭᠡᠵᠢᠯᠲᠡᠨ ᠬᠠᠮᠲᠤᠷᠠᠨ ᠣᠨᠣᠰᠢᠯᠠᠬᠤ᠂ ᠰᠣᠯᠢᠯᠴᠠᠭ᠎ᠠ ᠪᠣᠯᠪᠠᠰᠤᠷᠠᠭᠤᠯᠤᠯ

ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠶᠢᠨ ᠭᠠᠳᠠᠨᠠᠬᠢ ᠴᠢᠨᠠᠷ ᠰᠠᠶᠢᠲᠠᠶ ᠡᠮᠴᠢᠯᠡᠭᠡᠨ ᠤ

ᠪᠠᠶᠢᠭᠤᠯᠤᠮᠵᠢ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦᠯᠢ ᠴᠣᠭᠴᠠ ᠶᠢᠨ ᠣᠨᠣᠰᠢᠯᠠᠨ

ᠡᠮᠨᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠪᠠᠨ

ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠬᠢᠭᠡᠳ ᠲᠤᠰᠬᠠᠶ ᠡᠮᠨᠡᠯᠭᠡ ᠶᠢᠨ ᠬᠤᠷᠢᠶ᠎ᠠ᠂

ᠬᠤᠲᠠ ᠶᠢᠨ ᠲᠡᠰ ᠤᠨ ᠡᠮᠨᠡᠯᠭᠡ ᠶᠢᠨ ᠬᠤᠷᠢᠶ᠎ᠠ ᠬᠢᠭᠡᠳ ᠲᠤᠭᠤᠷᠢᠭ ᠤᠨ ᠲᠡᠰ ᠤᠨ ᠡᠮᠨᠡᠯᠭᠡ ᠶᠢᠨ ᠬᠤᠷᠢᠶ᠎ᠠ ᠶᠢᠨ

ᠣᠷᠣᠨ ᠪᠠᠶᠢᠷᠢ ᠪᠠᠨ ᠰᠣᠯᠪᠢᠴᠠᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠶ᠃ ᠰᠢᠯᠢᠳᠡᠭ ᠦᠢᠯᠡᠴᠢᠯᠡᠭᠡ

ᠬᠠᠩᠭᠠᠵᠤ᠂ ᠦᠢᠯᠡᠴᠢᠯᠡᠭᠡᠨ ᠤ ᠣᠪᠣᠷ᠂ ᠠᠷᠭ᠎ᠠ ᠬᠡᠯᠪᠡᠷᠢ᠂ ᠰᠤᠷᠲᠠᠯ᠂ ᠶᠠᠪᠤᠴᠠ ᠪᠠᠨ ᠲᠠᠰᠤᠷᠠᠯᠲᠠ ᠦᠭᠡᠢ

ᠰᠠᠶᠢᠵᠢᠷᠠᠭᠤᠯᠵᠤ᠂ ᠡᠪᠡᠳᠴᠢᠲᠡᠨ ᠢ ᠨᠡᠩ ᠰᠠᠶᠢᠨ ᠡᠪᠡᠳᠴᠢᠨ ᠦᠵᠡᠭᠦᠯᠬᠦ ᠣᠶᠢᠯᠠᠭᠠᠯᠲᠠ ᠲᠠᠢ ᠪᠣᠯᠭᠠᠬᠤ ᠬᠡᠷᠡᠭᠲᠡᠢ᠃

ᠬᠤᠶᠠᠷ ᠲᠤ᠂ ᠠᠷᠠᠳ ᠲᠤ ᠠᠰᠢᠭ ᠬᠦᠷᠲᠡᠭᠡᠬᠦ ᠬᠡᠷᠡᠭᠲᠡᠶ᠃ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ

ᠥᠭᠡᠷᠡᠴᠢᠯᠡᠯᠲᠡ ᠮᠥᠨ︾ ᠭᠡᠳᠡᠭ ᠢ ᠪᠠᠷᠢᠮᠲᠠᠯᠠᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠶᠠᠪᠤᠴᠠ ᠳᠠᠬᠢ

ᠲᠦᠭᠵᠢᠷᠡᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠨᠡᠯᠭᠡ ᠳᠤ ᠣᠷᠣᠵᠤ ᠳ᠋ᠤᠭᠠᠷᠯᠠᠬᠤ᠂

ᠪᠠᠶᠢᠴᠠᠭᠠᠵᠤ ᠣᠨᠣᠰᠢᠯᠠᠨ ᠡᠮᠨᠡᠬᠦ᠂ ᠡᠮᠨᠡᠯᠭᠡ ᠠᠴᠠ ᠭᠠᠷᠴᠤ ᠳ᠋ᠦᠩᠨᠡᠨ ᠪᠤᠳᠤᠬᠤ ᠵᠡᠷᠭᠡ ᠡᠪᠡᠳᠴᠢᠨ ᠦᠵᠡᠭᠦᠯᠬᠦ

ᠶᠠᠪᠤᠴᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠪᠡᠳᠴᠢᠲᠡᠨ ᠳᠤ ᠨᠡᠩ ᠲᠦᠷᠭᠡᠨ ᠡᠮᠴᠢᠯᠡᠭᠡᠨ ᠤ

ᠦᠢᠯᠡᠴᠢᠯᠡᠭᠡ ᠬᠠᠩᠭᠠᠬᠤ ᠬᠡᠷᠡᠭᠲᠡᠢ᠃ ᠣᠷᠣᠨ ᠪᠠᠶᠢᠷᠢ ᠪᠠᠨ ᠰᠣᠯᠢᠵᠤ ᠰᠡᠳᠬᠢᠨ ᠪᠣᠳᠣᠯᠬᠢᠯᠠᠬᠤ ᠳᠠᠭᠠᠨ ᠴᠢᠳᠠᠮᠠᠭᠠᠢ

ᠪᠠᠶᠢᠵᠤ᠂ ᠡᠪᠡᠳᠴᠢᠲᠡᠨ ᠤ ᠲᠠᠯ᠎ᠠ ᠠᠴᠠ ᠠᠰᠠᠭᠤᠳᠠᠯ ᠢ ᠢᠯᠡᠭᠦᠬᠡᠨ ᠪᠣᠳᠣᠯᠬᠢᠯᠠᠵᠤ᠂ ᠠᠷᠠᠳ ᠤᠯᠠᠨ ᠳᠤ ᠵᠣᠭᠤᠰ ᠪᠠᠭ᠎ᠠ

ᠵᠠᠷᠤᠵᠤ᠂ ᠡᠪᠡᠳᠴᠢᠨ ᠢᠶᠠᠨ ᠰᠠᠶᠢᠲᠤᠷ ᠡᠮᠨᠡᠬᠦᠯᠵᠦ᠂ ᠪᠣᠳᠠᠲᠤ ᠠᠰᠢᠭ ᠬᠦᠷᠲᠡᠭᠡᠬᠦ ᠬᠡᠷᠡᠭᠲᠡᠢ᠃ ᠤᠯᠤᠰ ᠤᠨ ᠨᠢᠭᠲᠠ

ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ

ᠬᠤᠲᠠ ᠶᠢ ᠪᠥᠲᠥᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ

ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠡᠪᠡᠳᠴᠢᠨ

ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠬᠡᠷᠡᠭᠲᠡᠶ᠃ ᠭᠤᠷᠪᠠ ᠳᠤ᠂ ᠵᠢᠷᠤᠮᠵᠢᠭᠤᠯᠬᠤ

ᠬᠡᠷᠡᠭᠲᠡᠶ᠃ ᠰᠠᠶᠢᠨ ᠰᠠᠶᠢᠬᠠᠨ ᠳᠦᠷᠢᠮ ᠤᠨ ᠰᠢᠰᠲ᠋ᠧᠮ ᠢ ᠪᠠᠶᠢᠭᠤᠯᠵᠤ᠂ ᠮᠡᠷᠭᠡᠵᠢᠯ ᠤᠨ ᠴᠣᠯᠠ ᠶᠢ ᠦᠨᠡᠯᠡᠨ

ᠲᠣᠭᠲᠠᠭᠠᠬᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠳᠣᠲᠣᠭᠠᠳᠤ ᠶᠢᠨ ᠬᠠᠮᠢᠶᠠᠷᠤᠯᠲᠠ ᠵᠡᠷᠭᠡ

ᠲᠣᠭᠲᠠᠴᠠ ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠥᠪᠡᠷ ᠤᠨ ᠥᠷᠲᠡᠭ

 ᠢᠶᠠᠨ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠰᠢᠨᠵᠢᠯᠡᠬᠦ ᠤᠬᠠᠭᠠᠨᠴᠢ

ᠴᠢᠳᠠᠪᠤᠷᠢᠲᠠᠨ ᠤ ᠨᠥᠭᠡᠴᠡ ᠶᠢ ᠪᠦᠷᠢᠯᠳᠦᠭᠦᠯᠵᠦ᠂ ᠡᠮᠴᠢᠯᠡᠭᠡᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠣᠯᠤᠨ

ᠬᠠᠮᠢᠶᠠᠷᠤᠯᠲᠠ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠮᠴᠢᠯᠡᠭᠡ ᠡᠷᠡᠭᠦᠯ

ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠯ ᠢ ᠲᠠᠰᠤᠷᠠᠯᠲᠠ ᠤᠢᠭᠡᠢ ᠬᠠᠩᠭᠠᠬᠤ

ᠬᠡᠷᠡᠭᠲᠡᠶ᠃ ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠪᠠᠨ ᠪᠠᠶᠢᠩᠭᠤᠵᠢᠭᠤᠯᠤᠨ ᠰᠠᠶᠢᠲᠤᠷ ᠠᠳᠬᠤᠵᠤ᠂

ᠡᠮᠨᠡᠯᠭᠡ ᠶᠢᠨ ᠠᠵᠢᠯᠲᠠᠳ ᠢ ᠬᠥᠲᠥᠯᠥᠨ ᠵᠢᠯᠣᠭᠤᠳᠴᠤ ᠪᠠᠶᠢᠭᠠᠳ ᠡᠪᠡᠳᠴᠢᠨ ᠵᠠᠰᠠᠵᠤ ᠡᠳᠡᠭᠡᠷᠡᠭᠦᠯᠬᠦ ᠤᠭ

ᠰᠠᠨᠠᠭ᠎ᠠ ᠪᠠᠨ ᠪᠠᠲᠤ ᠴᠡᠭᠡᠵᠢᠯᠡᠵᠦ᠂ ᠠᠵᠢᠯ ᠲᠥᠷᠥᠯ ᠤᠨ ᠠᠮᠢ ᠠᠬᠤᠶ ᠶᠢ ᠲᠠᠰᠤᠷᠠᠯᠲᠠ ᠥᠬᠡᠶ ᠴᠡᠪᠡᠷᠰᠢᠭᠦᠯᠵᠦ᠂ ᠲᠥᠪ

ᠴᠢᠬᠡᠴᠢ ᠡᠮᠴᠢ ᠶᠢᠨ ᠮᠣᠷᠠᠯ ᠰᠤᠷᠲᠠᠯ ᠢ ᠪᠣᠶ ᠪᠣᠯᠭᠠᠬᠤ ᠬᠡᠷᠡᠭᠲᠡᠶ᠃ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠᠷ

ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠤ

ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ

ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠠᠭᠤᠷ ᠠᠮᠢᠰᠬᠤᠯ ᠢ ᠪᠣᠶ

ᠪᠣᠯᠭᠠᠬᠤ ᠬᠡᠷᠡᠭᠲᠡᠶ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号