2024 ᠤᠨ ᠤ ᠦᠪᠡᠷᠳᠡᠭᠡᠨ ᠵᠠᠰᠠᠬᠤ ᠤᠷᠤᠨ ᠤ ︽ᠲᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠳᠤ ᠰᠤᠭᠤᠯᠤᠭ᠎ᠠ ᠬᠤᠨᠳᠠᠭᠠᠳᠤ︾ ᠵᠠᠯᠠᠭᠤᠴᠤᠳ ᠪᠠᠭᠠᠴᠤᠳ ᠤᠨ ᠬᠠᠭᠠᠰ ᠵᠠᠶᠢᠳᠤ ᠮᠠᠷᠠᠽᠤᠨ ᠤᠷᠤᠯᠳᠤᠭᠠᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/7/23
     7 ᠰᠠᠷ᠎ᠠ ᠶᠢᠨ 21 ᠤ ᠡᠳᠦᠷ᠂ 2024 ᠣᠨ ᠤ ᠥᠪᠥᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ︽ᠲᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠳᠤ ᠰᠤᠭᠤᠯᠤᠭ᠎ᠠ ᠬᠤᠨᠳᠠᠭᠠᠳᠤ︾ ᠵᠠᠯᠠᠭᠤᠴᠤᠳ ᠪᠠᠭᠠᠴᠤᠳ ᠤᠨ ᠬᠠᠭᠠᠰ ᠵᠠᠶᠢᠳᠤ ᠮᠠᠷᠠᠽᠤᠨ ᠤᠷᠤᠯᠳᠤᠭᠠᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠮᠠᠨ ᠤ ᠬᠤᠲᠠ ᠳᠤ ᠡᠬᠢᠯᠡᠪᠡ᠃      7 ᠴᠠᠭ 30 ᠮᠢᠨᠦ᠋ᠲ ᠲᠤ᠂ ᠲᠤᠬᠢᠶᠠᠨ ᠤ ᠫᠤᠤ ᠳᠤᠤᠭᠠᠷᠬᠤ ᠶᠢ ᠳᠠᠭᠠᠯᠳᠤᠨ᠂ ᠤᠷᠤᠯᠳᠤᠭᠠᠨ ᠵᠢᠩᠬᠢᠨᠢ ᠪᠠᠷ ᠡᠬᠢᠯᠡᠪᠡ᠃ ᠲᠠᠮᠢᠷᠴᠢᠳ ᠤᠷᠤᠯᠳᠤᠭᠠᠨ ᠤ ᠲᠠᠯᠠᠪᠤᠷ ᠲᠤ ᠡᠷᠡᠯᠬᠡᠭᠯᠡᠨ ᠲᠡᠮᠡᠴᠡᠬᠦ᠂ ᠲᠡᠷᠢᠭᠦᠨ ᠳᠤ ᠣᠷᠣᠬᠤ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠤᠳᠤ ᠦᠶ᠎ᠡ ᠶᠢᠨ ᠵᠠᠯᠠᠭᠤᠴᠤᠳ ᠪᠠᠭᠠᠴᠤᠳ ᠤᠨ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠯᠡᠷᠡᠭᠦᠯᠪᠡ᠃      ᠲᠣᠰ ᠤᠳᠠᠭᠠᠨ ᠤ ᠤᠷᠤᠯᠳᠤᠭᠠᠨ ᠳᠤ ᠪᠥᠬᠦ ᠣᠷᠣᠨ ᠤ ᠡᠯ᠎ᠡ ᠠᠶᠢᠮᠠᠭ ᠬᠤᠲᠠ ᠠᠴᠠ ᠢᠷᠡᠭᠰᠡᠨ 230 ᠭᠠᠷᠤᠶ ᠲᠠᠮᠢᠷᠴᠢᠨ ᠣᠷᠣᠯᠴᠠᠵᠤ᠂ ᠤᠷᠤᠯᠳᠤᠭᠠᠨ ᠳᠤ ᠨᠠᠰᠣᠨ ᠤ ᠢᠯᠭᠠᠯ ᠢᠶᠠᠷ U20᠂ U18᠂ U16᠂ ᠪᠠᠭ᠎ᠠ ᠰᠤᠷᠭᠠᠭᠤᠯᠢ ᠶᠢᠨ ᠡᠷᠡᠭᠲᠡᠶ᠂ ᠡᠮᠡᠭᠲᠡᠶ ᠶᠢᠨ ᠳᠤᠭᠤᠶᠢᠯᠠᠩ ᠲᠣᠬᠢᠷᠠᠭᠤᠯᠪᠠ᠃ ᠤᠷᠤᠯᠳᠤᠭᠠᠨ ᠤ ᠲᠥᠷᠥᠯ ᠵᠦᠢᠯ ᠳᠤ ᠡᠷᠡᠭᠲᠡᠶ᠂ ᠡᠮᠡᠭᠲᠡᠶ ᠶᠢᠨ U20 ᠳᠤᠭᠤᠶᠢᠯᠠᠩ ᠤᠨ ᠬᠠᠭᠠᠰ ᠵᠠᠶᠢᠲᠤ ᠮᠠᠷᠠᠽᠤᠨ ᠤ ᠣᠷᠣᠯᠳᠣᠭᠠᠨ ᠤ ᠪᠦᠯᠬᠦᠮ᠂ ᠬᠤᠪᠢ ᠬᠥᠮᠦᠨ ᠤ ᠤᠷᠤᠯᠳᠤᠭᠠᠨ᠂ ᠡᠷᠡᠭᠲᠡᠶ᠂ ᠡᠮᠡᠭᠲᠡᠶ ᠶᠢᠨ U18 ᠳᠤᠭᠤᠶᠢᠯᠠᠩ ᠤᠨ ᠬᠠᠭᠠᠰ ᠵᠠᠶᠢᠲᠤ ᠮᠠᠷᠠᠽᠤᠨ ᠤ ᠪᠤᠤᠬᠢᠶ᠎ᠠ ᠤᠷᠤᠯᠳᠤᠭᠠᠨ᠂ ᠵᠠᠰᠠᠮᠠᠯ ᠵᠠᠮ ᠤᠨ 10 ᠺᠢᠯᠤᠮᠧᠲᠷ ᠤᠨ ᠬᠤᠪᠢ ᠬᠥᠮᠦᠨ ᠤ ᠤᠷᠤᠯᠳᠤᠭᠠᠨ ᠵᠡᠷᠭᠡ 12 ᠵᠦᠢᠯ ᠢ ᠪᠠᠭᠲᠠᠭᠠᠪᠡ᠃ ᠤᠷᠤᠯᠳᠤᠭᠠᠨ ᠤ ᠵᠠᠮ ᠱᠤᠭᠤᠮ ᠨᠢ ᠦᠬᠠᠶ ᠨᠠᠭᠤᠷ ᠢᠶᠠᠷ ᠭᠤᠤᠯ ᠪᠣᠯᠭᠠᠵᠤ᠂ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ᠂ ᠪᠢᠨ ᠾᠧ ᠶᠢᠨ ᠠᠮᠢ ᠠᠬᠤᠶ ᠶᠢᠨ ᠬᠦᠷᠢᠶᠡᠯᠡᠩ᠂ ᠨᠣᠮ ᠤᠩᠰᠢᠬᠤ ᠪᠠᠭᠠᠷ ᠵᠡᠷᠭᠡ ᠦᠵᠡᠮᠵᠢ ᠶᠢᠨ ᠭᠠᠵᠠᠷ ᠤᠨ ᠭᠠᠵᠠᠷ ᠤᠨ ᠲᠡᠮᠳᠡᠭ ᠪᠠ ᠣᠨᠴᠠᠯᠢᠭᠲᠤ ᠦᠵᠡᠮᠵᠢ ᠶᠢ ᠬᠤᠯᠪᠣᠵᠤ᠂ ︽ᠡᠯᠡᠰᠦᠨ ᠴᠦᠯ ᠳᠤ ᠲᠡᠯᠡᠶ ᠶᠢ ᠦᠵᠡᠬᠦ· ᠳᠤᠮᠳᠠᠳᠤ ᠤᠯᠤᠰ ᠤᠨ ᠦᠬᠠᠶ︾ ᠶᠢᠨ ᠥᠪᠡᠷᠮᠢᠴᠡ ᠷᠢᠳᠢ ᠰᠢᠳᠢ ᠶᠢ ᠭᠦᠢᠴᠡᠳ ᠢᠯᠡᠷᠡᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号