ᠮᠠᠨ ᠤ ᠬᠤᠲᠠ ᠶᠢᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/23
     7 ᠰᠠᠷ᠎ᠠ ᠶᠢᠨ 19 ᠤ ᠡᠳᠦᠷ᠂ ᠮᠠᠨ ᠤ ᠬᠤᠲᠠ ᠶᠢᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠸᠢ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠤᠳᠬ᠎ᠠ ᠤᠷᠠᠯᠢᠭ ᠤᠨ ᠬᠤᠯᠪᠤᠭᠠᠲᠤ ᠬᠤᠷᠠᠯ᠂ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭᠠᠲᠤ ᠬᠤᠷᠠᠯ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ᠵᠢᠴᠢ ᠡᠯ᠎ᠡ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠤᠯᠪᠤᠭᠳᠠᠯ ᠪᠥᠬᠦᠶ ᠬᠠᠷᠢᠭᠤᠴᠠᠯᠭᠠᠲᠠᠨ ᠲᠣᠰ ᠲᠣᠰ ᠤᠨ ᠬᠦᠷᠢᠶᠡᠨ ᠤ  ᠪᠠᠨ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠠᠵᠢᠯ ᠢ ᠠᠬᠢᠭᠤᠯᠤᠭᠰᠠᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠪᠡ︔ ᠰᠣᠶᠣᠯ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠤ ᠲᠤᠰᠬᠠᠶ ᠮᠡᠷᠭᠡᠵᠢᠯᠲᠡᠨ ᠡᠷᠳᠡᠮᠲᠡᠳ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠮᠧᠩ ᠫᠸᠢ ᠶᠦᠨ ᠬᠡᠯᠡᠭᠰᠡᠨ ᠨᠢ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠳᠤ ᠬᠠᠨᠳᠤᠭᠤᠯᠵᠤ᠂ ᠰᠣᠶᠣᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ ᠪᠥᠬᠦ ᠲᠠᠯ᠎ᠠ ᠪᠠᠷ ᠢᠯᠡᠷᠡᠭᠦᠯᠬᠦ ᠴᠢᠬᠤᠯᠠ ᠠᠷᠭ᠎ᠠ ᠵᠠᠮ ᠮᠥᠨ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠬᠤ ᠶᠢ ᠪᠠᠲᠤ ᠡᠵᠡᠮᠳᠡᠵᠦ᠂ ᠰᠣᠶᠣᠯ ᠤᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠰᠣᠶᠣᠯ ᠤᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠦᠨᠡᠨᠬᠦ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠨᠠᠶᠢᠳᠠᠪᠤᠷᠢᠵᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠳᠠ ᠳᠤ ᠦᠬᠠᠢ ᠶᠢᠨ ᠡᠭᠦᠷᠭᠡᠯᠡᠯ ᠪᠠ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ᠂ ᠭᠤᠤᠯ ᠣᠨᠴᠠᠭᠠᠶ ᠴᠢᠨᠠᠷ᠂ ᠴᠠᠭ ᠦᠶ᠎ᠡ ᠶᠢᠨ ᠥᠷᠲᠡᠭ ᠤᠨ ᠲᠤᠬᠠᠶ ᠰᠣᠳᠣᠯᠭᠠᠨ ᠪᠠ ᠲᠠᠶᠢᠯᠪᠤᠷᠢᠯᠠᠯᠲᠠ ᠪᠠᠨ ᠭᠦᠨᠵᠡᠭᠡᠶᠢᠷᠡᠭᠦᠯᠵᠦ᠂ ᠴᠠᠭ ᠪᠠ ᠣᠷᠣᠨ ᠵᠠᠶ ᠶᠢᠨ ᠬᠤᠶᠠᠷ ᠲᠠᠯ᠎ᠠ ᠠᠴᠠ ᠦᠬᠠᠶ ᠶᠢᠨ ᠤᠮᠠᠷᠠᠲᠤ ᠬᠢᠯᠢ ᠶᠢᠨ ᠰᠣᠶᠣᠯ ᠤᠨ ᠡᠯᠧᠮᠧᠨ᠋ᠲ ᠢ ᠭᠦᠢᠴᠡᠳ ᠠᠭᠤᠳᠠᠯᠵᠤ᠂ ᠰᠣᠶᠣᠯ ᠤᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ ᠳᠦᠷᠰᠦᠳᠦ ᠰᠡᠳᠬᠢᠯᠭᠡ ᠪᠠᠷ ᠤᠮᠠᠷᠠᠲᠤ ᠬᠢᠯᠢ ᠶᠢᠨ ᠰᠣᠶᠣᠯ ᠤᠨ ᠪᠦᠲᠦᠭᠡᠯᠴᠢ ᠴᠢᠨᠠᠷᠲᠠᠶ ᠤᠨᠳᠤᠤᠰᠢᠭᠤᠯᠬᠤ ᠪᠠ ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ ᠶᠢ ᠪᠦᠲᠦᠮᠵᠢᠲᠡᠶ ᠠᠬᠢᠭᠤᠯᠬᠤ ᠬᠡᠷᠡᠭᠲᠡᠶ᠃ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠭᠦᠷᠭᠡ ᠶᠢᠨ ᠨᠠᠷᠢᠨ ᠲᠠᠩᠰᠠ ᠶᠢ ᠨᠠᠷᠢᠨ ᠲᠣᠭᠲᠠᠭᠠᠵᠤ᠂ ᠴᠠᠭ ᠲᠤᠬᠢᠶᠠᠯ ᠬᠡᠮᠵᠢᠶ᠎ᠡ ᠲᠤᠮᠵᠢᠶ᠎ᠠ ᠦᠷ᠎ᠡ ᠪᠦᠲᠦᠮᠵᠢ ᠪᠠᠨ ᠨᠢᠭᠡᠳᠦᠯᠲᠡᠶ ᠲᠥᠯᠥᠪᠯᠡᠨ ᠰᠠᠶᠢᠲᠤᠷ ᠡᠵᠡᠮᠳᠡᠵᠦ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号