ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/23
     7 ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠣᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠃ ᠪᠦᠬᠦᠳᠡ ᠬᠤᠷᠠᠯ ᠠᠴᠠ ᠪᠠᠲᠤᠯᠠᠭᠰᠠᠨ ︽ᠰᠢᠢᠳᠪᠦᠷᠢ︾ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ᠂ ᠴᠢᠬᠤᠯᠠ ᠶᠡᠭᠡ ᠵᠠᠷᠴᠢᠮ ᠢ ᠲᠣᠳᠣᠷᠬᠠᠶᠢᠯᠠᠵᠤ᠂ ᠢᠷᠡᠭᠡᠳᠦᠢ ᠶᠢᠨ ᠲᠠᠪᠤᠨ ᠵᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠶᠢᠷᠢᠯᠠᠭᠤᠯᠵᠤ᠂ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠵᠠᠢ᠃ ᠪᠥᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠥᠬᠦᠳᠡ ᠬᠤᠷᠠᠯ ᠤᠨ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠲᠤᠬᠢᠷᠠᠭᠤᠯᠵᠤ᠂ ᠰᠤᠷᠤᠯᠴᠠᠯᠭ᠎ᠠ ᠪᠣᠯᠪᠠᠰᠤᠷᠠᠯ᠂ ᠤᠨᠤᠯ ᠤᠨ ᠤᠬᠠᠭᠤᠯᠭ᠎ᠠ᠂ ᠤᠬᠠᠭᠤᠯᠭ᠎ᠠ ᠲᠠᠶᠢᠯᠤᠮᠵᠢ ᠬᠢᠬᠦ ᠵᠡᠷᠭᠡ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ᠪᠦᠬᠦ ᠨᠡᠶᠢᠭᠡᠮ ᠳᠤ ᠰᠤᠷᠤᠯᠴᠠᠨ ᠤᠬᠠᠭᠤᠯᠵᠤ ᠲᠤᠤᠱᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠰᠢᠢᠳᠪᠦᠷᠢ︾ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠣᠷᠭᠠᠨᠢᠭ ᠢᠶᠠᠷ ᠨᠢᠭᠡᠳᠬᠡᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠬᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠮᠠᠨ ᠤ ᠬᠤᠲᠠ ᠶᠢᠨ ︽ᠠᠷᠪᠠᠨ ᠬᠤᠶᠠᠷ ᠵᠦᠢᠯ ᠤᠨ ᠭᠤᠤᠯᠳᠠᠯᠭ᠎ᠠ ᠲᠠᠢ ᠠᠵᠢᠯ︾ ᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠦᠬᠠᠶ ᠶᠢᠨ ᠥᠭᠡᠷᠡᠴᠢᠯᠡᠯᠲᠡ ᠶᠢᠨ ︽ᠣᠨᠴᠠᠭᠠᠢ ᠠᠵᠢᠯᠯᠠᠭ᠎ᠠ︾  ᠶᠢ ᠨᠠᠷᠢᠨ ᠨᠢᠮᠪᠠᠶ ᠲᠥᠯᠥᠪᠯᠡᠨ᠂ ᠥᠭᠡᠷᠡᠴᠢᠯᠡᠯᠲᠡ ᠶᠢᠨ ᠨᠠᠷᠢᠨ ᠲᠠᠩᠰᠠ ᠭᠠᠷᠭᠠᠵᠤ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠥᠭᠡᠷᠡᠴᠢᠯᠡᠯᠲᠡ ᠶᠢᠨ ᠴᠠᠭ ᠤᠨ ᠬᠢᠵᠠᠭᠠᠷ ᠢᠶᠠᠨ ᠲᠣᠳᠣᠷᠬᠠᠶᠢᠯᠠᠵᠤ᠂ ᠪᠥᠬᠦ ᠲᠠᠯ᠎ᠠ ᠪᠠᠷ ᠬᠦᠯᠢᠶᠡᠨ ᠠᠪᠴᠤ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠡᠷᠡᠰ ᠪᠡᠶᠡᠯᠡᠭᠦᠯᠬᠦ ᠬᠡᠷᠡᠭᠲᠡᠶ᠃ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ ᠥᠭᠡᠷᠡᠴᠢᠯᠡᠯᠲᠡ ᠶᠢ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠠᠮᠢ ᠠᠬᠤᠢ ᠶᠢ  ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠲᠤᠰ ᠪᠡᠶ᠎ᠡ ᠶᠢᠨ ᠠᠵᠤ ᠦᠢᠯᠡᠰ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠤᠨᠴᠠᠯᠢᠬᠳᠤ ᠭᠤᠣᠯᠯᠠᠬᠤ ᠠᠵᠤ ᠦᠢᠯᠡᠰ ᠢ ᠲᠤᠪᠤᠶᠢᠯᠭᠠᠵᠦ᠂ ᠳᠡᠭᠡᠳᠦ ᠲᠡᠰ ᠤᠨ᠂ ᠪᠣᠬᠢᠷᠲᠤᠯ ᠦᠭᠡᠢ᠂ ᠤᠶᠤᠨᠴᠢᠯᠠᠬᠰᠠᠨ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠤᠯᠠᠮᠵᠢᠯᠠᠯᠲᠤ ᠠᠵᠤ ᠦᠢᠯᠡᠰ ᠢ ᠳᠠᠪᠬᠤᠴᠠᠨ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠬᠤ ᠪᠠᠨ ᠲᠦᠷᠭᠡᠳᠬᠡᠵᠦ᠂ ᠥᠭᠡᠷᠡᠴᠢᠯᠡᠯᠲᠡ ᠶᠢᠨ ᠰᠡᠳᠬᠢᠬᠦᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠶᠢ ᠡᠭᠦᠳᠬᠦ ᠶᠢ ᠬᠦᠴᠦᠷᠬᠡᠭᠵᠢᠭᠦᠯᠦᠨ ᠥᠭᠡᠷᠡᠴᠢᠯᠡᠯᠲᠡ ᠶᠢ ᠠᠳᠬᠤᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠪᠠ ᠬᠥᠭᠵᠢᠭᠦᠯᠬᠦ ᠶᠢᠨ ᠲᠣᠭᠤᠷᠢᠨ ᠳᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠵᠡᠷᠭᠡ ᠲᠠᠯ᠎ᠠ ᠪᠠᠷ ᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠬᠤᠷᠠᠮᠳᠤᠭᠤᠯᠬᠤ ᠬᠡᠷᠡᠭᠲᠡᠢ᠃ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠪᠠᠷ ᠲᠦᠰᠢᠭ ᠪᠣᠯᠭᠠᠵᠤ᠂ ᠰᠢᠨ᠎ᠡ ᠣᠷᠠᠨ ᠲᠠᠷᠬᠠᠯᠠᠯ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ BDO ᠠᠵᠤ ᠦᠢᠯᠡᠰ ᠤᠨ ᠦᠷᠢᠰᠦᠯᠳᠦᠬᠦ ᠬᠦᠴᠦᠨ᠂ ᠣᠷᠣᠨ ᠪᠦᠰᠡ ᠶᠢᠨ ᠨᠥᠯᠥᠭᠡᠯᠡᠬᠦ ᠬᠦᠴᠦᠨ ᠪᠣᠯᠤᠨ ᠠᠵᠢᠯ ᠲᠦᠷᠦᠯ ᠤᠨ ᠦᠭᠡ ᠬᠡᠯᠡᠬᠦ ᠡᠷᠬᠡ ᠪᠠᠨ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠣᠷᠴᠢᠨ ᠲᠣᠭᠤᠷᠢᠨ ᠢᠶᠠᠨ ᠰᠢᠯᠢᠳᠡᠭᠵᠢᠭᠦᠯᠦᠨ ᠥᠭᠡᠷᠡᠴᠢᠯᠡᠯᠲᠡ ᠶᠢ ᠠᠳᠬᠤᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠦᠬᠦ ᠤᠯᠤᠰ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠪᠠᠨ ᠦᠷᠭᠦᠯᠵᠢᠯᠡᠨ ᠴᠢᠩᠭᠠᠳᠬᠠᠵᠤ᠂ ︽ᠳᠤᠯᠤᠭ᠎ᠠ ᠶᠢ ᠵᠠᠰᠠᠭᠰᠠᠨ︾ ᠦᠷ᠎ᠡ ᠪᠦᠲᠦᠭᠡᠯ  ᠢᠶᠠᠨ ᠭᠦᠨᠵᠡᠭᠡᠶᠢᠷᠡᠭᠦᠯᠦᠨ ᠥᠷᠭᠡᠳᠬᠡᠵᠦ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠥᠭᠡᠷᠡᠴᠢᠯᠡᠯᠲᠡ ᠶᠢ ᠠᠳᠬᠤᠵᠤ᠂ ᠠᠷᠠᠳ ᠤᠯᠠᠨ ᠤ ᠠᠩᠬᠠᠷᠴᠤ ᠪᠠᠶᠢᠭ᠎ᠠ ᠠᠵᠢᠯ ᠣᠯᠭᠤᠯᠲᠠ᠂ ᠣᠷᠣᠯᠭ᠎ᠠ ᠶᠢᠨ ᠨᠡᠮᠡᠭᠳᠡᠯ᠂ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ ᠵᠡᠷᠭᠡ ᠪᠠᠴᠢᠮ ᠬᠦᠴᠢᠷ ᠵᠤᠪᠠᠨᠢᠯ ᠡᠷᠡᠮᠡᠯᠵᠡᠯ ᠤᠨ ᠠᠰᠠᠭᠤᠳᠠᠯ ᠠᠴᠠ ᠥᠭᠡᠷᠡᠴᠢᠯᠡᠯᠲᠡ ᠶᠢᠨ ᠬᠦᠴᠦᠯᠡᠬᠦ‍ ᠴᠢᠭ ᠪᠤᠯᠤᠨ ᠲᠦᠪᠯᠡᠷᠡᠯ ᠤᠨ ᠴᠢᠭ ᠢᠶᠠᠨ ᠣᠨᠣᠪᠴᠢᠲᠠᠢ ᠡᠷᠢᠨ ᠣᠯᠵᠤ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠰᠤᠷᠭᠠᠨ ᠬᠥᠮᠦᠵᠢᠯ᠂ ᠡᠮᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ︽1+ N︾ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠷᠢᠭ᠎ᠠ ᠱᠤᠭᠤᠮ ᠢ ᠪᠠᠲᠤᠳᠬᠠᠨ ᠥᠭᠡᠷᠡᠴᠢᠯᠡᠯᠲᠡ ᠶᠢ ᠠᠳᠬᠤᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠵᠤ᠂ ᠥᠭᠡᠷᠡᠴᠢᠯᠡᠯᠲᠡ ᠶᠢᠨ ᠠᠷᠭ᠎ᠠ ᠪᠠᠷ ᠠᠶᠤᠯᠭᠦᠢ ᠦᠢᠯᠡᠳᠪᠦᠷᠢᠯᠡᠯ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠵᠡᠷᠭᠡ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠠᠷᠢᠯᠭᠠᠬᠤ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠵᠠᠰᠠᠯᠲᠠ ᠶᠢ ᠴᠢᠩᠭᠠᠳᠬᠠᠨ ᠥᠭᠡᠷᠡᠴᠢᠯᠡᠯᠲᠡ ᠶᠢ ᠠᠳᠬᠤᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠠᠬᠢ ᠬᠠᠤᠯᠢᠵᠢᠯ ᠤᠨ ᠢᠳᠡᠪᠬᠢ ᠦᠢᠯᠡᠳᠦᠯ ᠢᠶᠠᠨ ᠪᠠᠳᠠᠷᠠᠭᠤᠯᠵᠤ᠂ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠡ ᠭᠤᠭᠴᠤᠭ᠎ᠠ ᠶᠢᠨ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ  ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠢᠮᠠᠭᠲᠠ ᠥᠭᠡᠷᠡᠴᠢᠯᠡᠯᠲᠡ ᠶᠢᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠣᠣᠱᠯᠠᠭᠤᠯᠵᠤ᠂ ᠥᠭᠡᠷᠡᠴᠢᠯᠡᠯᠲᠡ ᠶᠢᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠵᠥᠪ ᠥᠭᠡᠷᠡᠴᠢᠯᠡᠯᠲᠡ ᠶᠢᠨ ᠠᠷᠭ᠎ᠠ ᠶᠢ ᠪᠠᠷᠢᠮᠲᠠᠯᠠᠬᠤ ᠬᠡᠷᠡᠭᠲᠡᠢ᠃ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠠᠵᠢᠯ  ᠢᠶᠠᠨ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠰᠢᠰᠲ᠋ᠧᠮ ᠲᠠᠢ ᠲᠦᠪᠯᠡᠷᠡᠯ ᠤᠨ ᠲᠠᠯ᠎ᠠ ᠪᠠᠷ ᠢᠯᠡᠭᠦᠬᠡᠨ ᠠᠷᠭ᠎ᠠ ᠪᠤᠳᠤᠵᠤ᠂ ᠲᠦᠷᠦ ᠶᠢᠨ ᠪᠤᠳᠤᠯᠭ᠎ᠠ ᠲᠣᠭᠲᠠᠭᠠᠬᠤ ᠶᠢ ᠬᠠᠷᠢᠯᠴᠠᠨ ᠢᠵᠢ ᠪᠦᠷᠢᠳᠦᠭᠦᠯᠬᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠠᠷᠢᠯᠴᠠᠨ ᠨᠥᠬᠦᠪᠥᠷᠢᠯᠡᠬᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠬᠠᠷᠢᠯᠴᠠᠨ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠰᠢᠨᠡᠳᠬᠡᠵᠦ᠂ ᠦᠵᠡᠯ ᠰᠠᠨᠠᠭᠠᠨ ᠤ ᠶᠡᠭᠡ ᠴᠢᠯᠥᠭᠡᠯᠡᠯᠲᠡ᠂ ᠣᠶᠢᠯᠠᠭᠠᠭᠳᠠᠬᠤᠨ ᠤ ᠶᠡᠭᠡ ᠬᠤᠪᠢᠷᠠᠯᠲᠠ ᠪᠠᠷ ᠥᠭᠡᠷᠡᠴᠢᠯᠡᠯᠲᠡ ᠶᠢᠨ ᠶᠡᠭᠡ ᠰᠢᠪᠲᠤᠯᠤᠯᠲᠠ ᠶᠢ ᠪᠡᠶᠡᠯᠡᠭᠦᠯᠵᠦ᠂ ᠥᠭᠡᠷᠡᠴᠢᠯᠡᠯᠲᠡ ᠶᠢᠨ ᠠᠷᠭ᠎ᠠ ᠪᠠᠷ ᠠᠰᠠᠭᠤᠳᠠᠯ ᠢ ᠢᠯᠡᠭᠦᠬᠡᠨ ᠰᠢᠢᠳᠪᠦᠷᠢᠯᠡᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠣᠭᠲᠠᠴᠠ ᠶᠢᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠲᠤᠷᠰᠢᠵᠤ᠂ ᠤᠷᠢᠳᠠᠪᠠᠷ ᠬᠢᠵᠦ ᠤᠷᠢᠳᠠᠪᠠᠷ ᠲᠤᠷᠰᠢᠵᠤ᠂ ᠨᠢᠭᠡ ᠪᠦᠯᠦᠭ ᠥᠭᠡᠷᠡᠴᠢᠯᠡᠯᠲᠡ ᠶᠢᠨ ᠲᠦᠷᠢᠮ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠨᠢᠭᠡ ᠪᠦᠯᠦᠭ ᠥᠭᠡᠷᠡᠴᠢᠯᠡᠯᠲᠡ ᠶᠢᠨ ᠰᠢᠨ᠎ᠡ ᠦᠷ᠎ᠡ ᠪᠦᠲᠦᠮᠵᠢ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ︽ᠢᠲᠡᠭᠡᠯ ᠲᠡᠭᠦᠯᠳᠡᠷ ᠢᠶᠠᠷ ᠪᠡᠶ᠎ᠡ ᠪᠠᠨ ᠳᠠᠭᠠᠭᠠᠬᠤ ᠶᠢ ᠡᠷᠬᠡᠪᠰᠢ ᠪᠠᠷᠢᠮᠳᠠᠯᠠᠬᠤ ᠬᠡᠷᠡᠭᠳᠡᠢ︾ ᠬᠡᠬᠦ ᠴᠢᠬᠤᠯᠠ ᠵᠤᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠡᠶᠢᠭᠡᠮ ᠤᠨ ᠡᠯ᠎ᠡ ᠡᠲᠡᠭᠡᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠵᠦ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ᠂ ᠥᠭᠡᠷᠡᠴᠢᠯᠡᠯᠲᠡ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠴᠢᠷᠮᠠᠶᠢᠨ ᠨᠢᠭᠲᠠᠷᠠᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠪᠡᠶ᠎ᠡ ᠪᠠᠷ ᠢᠶᠠᠨ ᠠᠳᠬᠤᠵᠤ᠂ ᠲᠦᠷᠦᠭᠦᠯᠡᠨ ᠬᠢᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠱᠠᠨᠰᠢ ᠶᠢᠨ ᠱᠠᠩ ᠯᠦᠸᠧ ᠬᠤᠲᠠ ᠶᠢᠨ ᠵᠠ ᠱᠦᠢ ᠰᠢᠶᠠᠨ ᠤ ᠬᠢᠯᠢ ᠳᠣᠲᠣᠷᠠᠬᠢ ᠲᠠᠭᠡᠲᠤ ᠬᠤᠷᠳᠣᠴᠠᠲᠤ ᠵᠠᠰᠠᠮᠠᠯ ᠵᠠᠮ ᠤᠨ ᠬᠥᠭᠦᠷᠭᠡ ᠨᠤᠷᠠᠭᠰᠠᠨ ᠪᠠᠶᠢᠳᠠᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠣᠷᠣᠨ ᠪᠦᠰᠡ᠂ ᠴᠢᠬᠤᠯᠠ ᠵᠠᠮ ᠤᠨ ᠬᠡᠰᠡᠭ ᠢ ᠲᠣᠭᠤᠷᠢᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠳᠡᠭᠡᠷ᠎ᠡ ᠬᠠᠭᠠᠰ ᠵᠢᠯ ᠤᠨ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠰᠤᠳᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号