2024 ᠣᠨ ᠳᠤ ᠦᠬᠠᠶ ᠬᠤᠲᠠ ᠶᠢᠨ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠷ᠎ᠠ︾ ᠶᠢᠨ ᠪᠷᠢᠵ ᠬᠦᠵᠦᠷ ᠤᠨ ᠤᠷᠤᠯᠳᠤᠭᠠᠨ ᠥᠨᠳᠥᠷᠯᠡᠪᠡ
ᠨᠡᠶᠢᠲᠡᠯᠡᠭᠰᠡᠨ ᠴᠠᠭ᠄
2024/7/24
     7 ᠰᠠᠷ᠎ᠠ ᠶᠢᠨ 21 ᠤ ᠡᠳᠦᠷ᠂ 2024 ᠣᠨ ᠤ ᠦᠬᠠᠶ ᠬᠤᠲᠠ ᠶᠢᠨ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠷ᠎ᠠ︾ ᠶᠢᠨ ᠪᠷᠢᠵ ᠬᠦᠵᠦᠷ ᠤᠨ ᠤᠷᠤᠯᠳᠤᠭᠠᠨ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠥᠨᠳᠥᠷᠯᠡᠪᠡ᠃ ᠬᠤᠶᠠᠷ ᠡᠳᠦᠷ ᠤᠨ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠦᠬᠠᠶ ᠶᠢᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠠᠩᠭᠢ᠂ ᠰᠢᠩ ᠶᠦᠨ ᠲᠥᠯᠥᠭᠡᠯᠡᠭᠴᠢᠳ ᠤᠨ ᠠᠩᠭᠢ ᠪᠣᠯᠤᠨ ᠯᠤ᠋ ᠺᠤᠸᠠᠩ ᠪᠷᠢᠵ ᠬᠦᠵᠦᠷ ᠤᠨ ᠠᠩᠭᠢ ᠲᠣᠰ ᠲᠣᠰ ᠲᠦᠷᠦᠭᠦᠤ ᠭᠤᠷᠪᠠᠨ ᠨᠡᠷᠡᠰ ᠲᠤ ᠣᠷᠣᠪᠠ᠃      ᠪᠥᠬᠦ ᠬᠤᠲᠠ ᠶᠢᠨ ᠡᠯ᠎ᠡ ᠪᠷᠢᠵ ᠬᠦᠵᠦᠷ ᠤᠨ ᠺᠯᠦ᠋ᠪ ᠵᠢᠴᠢ ᠪᠷᠢᠵ ᠬᠦᠵᠦᠷ ᠲᠤ ᠳᠤᠷ᠎ᠠ ᠪᠠᠭ᠋ᠠᠲᠠᠶ ᠬᠥᠮᠦᠰ ᠨᠡᠶᠢᠲᠡ 8 ᠲᠥᠯᠥᠭᠡᠯᠡᠭᠴᠢᠳ ᠤᠨ ᠠᠩᠭᠢ᠂ 40 ᠭᠠᠷᠤᠶ ᠬᠥᠮᠦᠨ ᠤᠷᠤᠯᠳᠤᠭᠠᠨ ᠳᠤ ᠣᠷᠣᠯᠴᠠᠪᠠ᠃ ᠤᠷᠤᠯᠳᠤᠭᠠᠨ ᠨᠢ ᠳᠤᠮᠳᠠᠳᠤ ᠤᠯᠤᠰ ᠤᠨ ᠪᠷᠢᠵ ᠬᠦᠵᠦᠷ ᠤᠨ ᠨᠡᠶᠢᠭᠡᠮᠯᠢᠭ ᠤᠨ ᠬᠠᠮᠤᠭ ᠤᠨ ᠰᠢᠨ᠎ᠡ ᠬᠢᠨᠠᠨ ᠲᠣᠭᠲᠠᠭᠠᠭᠰᠠᠨ ︽ᠪᠷᠢᠵ ᠬᠦᠵᠦᠷ ᠤᠨ ᠤᠷᠤᠯᠳᠤᠭᠠᠨ ᠤ ᠳᠦᠷᠢᠮ︾ ᠢ ᠦᠨᠳᠦᠰᠦᠯᠡᠨ᠂ ᠪᠦᠯᠬᠦᠮ ᠤᠨ ᠡᠷᠭᠢᠯᠲᠡ ᠤᠷᠤᠯᠳᠤᠭᠠᠨ ᠤ ᠲᠣᠭᠲᠠᠴᠠ ᠶᠢ ᠬᠡᠷᠡᠭᠯᠡᠵᠦ᠂ 7 ᠡᠭᠡᠯᠵᠢ ᠶᠢᠨ ᠤᠷᠤᠯᠳᠤᠭᠠᠨ ᠬᠢᠵᠦ᠂ ᠡᠭᠡᠯᠵᠢ ᠪᠦᠷᠢ ᠳᠤ 10 ᠬᠤᠪᠢ ᠬᠦᠵᠦᠷ ᠲᠤᠬᠢᠷᠠᠭᠤᠯᠵᠤ᠂ VP ᠬᠤᠷᠠᠮᠲᠤᠯ ︵20 ᠬᠤᠪᠢ ᠶᠢᠨ ᠳᠦᠷᠢᠮ︶ ᠢᠶᠠᠷ ᠨᠡᠷᠡᠰ ᠤᠨ ᠳᠠᠷᠠᠭᠠᠯᠠᠯ ᠢ ᠵᠢᠭᠰᠠᠭᠠᠵᠤ᠂ ᠬᠠᠮᠤᠭ ᠡᠴᠦᠰ ᠲᠤ ᠬᠤᠷᠠᠮᠳᠤᠭᠤᠯᠤᠭᠰᠠᠨ ᠬᠤᠪᠢ ᠪᠠᠷ ᠤᠷᠤᠯᠳᠤᠭᠠᠨ ᠤ ᠠᠩᠭᠢ ᠶᠢᠨ ᠨᠡᠷᠡᠰ ᠤᠨ ᠳᠠᠷᠠᠭᠠᠯᠠᠯ ᠢ ᠲᠣᠭᠲᠠᠭᠠᠪᠠ᠃      2 ᠡᠳᠦᠷ 7 ᠡᠭᠡᠯᠵᠢ ᠶᠢᠨ ᠢᠯᠡ ᠪᠦᠯᠬᠦᠮ ᠤᠨ ᠡᠷᠭᠢᠯᠲᠡ ᠶᠢᠨ ᠤᠷᠤᠯᠳᠤᠭᠠᠨ᠂ 70 ᠬᠤᠪᠢ ᠬᠦᠵᠦᠷ ᠤᠨ ᠲᠡᠮᠡᠴᠡᠭᠡᠨ ᠨᠢ ᠤᠷᠤᠯᠳᠤᠭᠠᠨ ᠳᠤ ᠣᠷᠣᠯᠴᠠᠭᠰᠠᠨ ᠡᠯ᠎ᠡ ᠠᠩᠭᠢ ᠳᠤ ᠠᠪᠴᠤ ᠬᠡᠯᠡᠪᠡᠯ ᠮᠡᠷᠭᠡᠵᠢᠯ ᠪᠠ ᠣᠶᠤᠨ ᠰᠠᠨᠠᠭᠠᠨ ᠤ ᠮᠥᠷᠦ᠋ᠢᠴᠡᠭᠡᠨ ᠪᠣᠯᠬᠤ ᠪᠠᠷ ᠪᠠᠷᠠᠬᠤ ᠦᠭᠡᠢ᠂ ᠪᠠᠰᠠ ᠴᠣ᠋ ᠵᠣᠷᠢᠭ ᠰᠠᠨᠠᠭ᠎ᠠ ᠪᠠ ᠪᠡᠶ᠎ᠡ ᠶᠢᠨ ᠴᠢᠳᠠᠪᠤᠷᠢ ᠶᠢᠨ ᠰᠢᠯᠭᠠᠯᠳᠠ ᠪᠣᠯᠤᠨ᠎ᠠ᠃ ᠤᠷᠤᠯᠳᠤᠭᠠᠨ ᠳᠤ ᠣᠷᠣᠯᠴᠠᠭᠰᠠᠨ 8 ᠠᠩᠭᠢ ᠰᠠᠶᠢᠨ ᠰᠠᠶᠢᠬᠠᠨ ᠤᠷᠤᠯᠳᠤᠭᠠᠨ ᠤ ᠪᠠᠶᠢᠳᠠᠯ ᠪᠣᠯᠤᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠯᠡᠷᠡᠭᠦᠯᠵᠦ᠂ ᠪᠠᠰᠠ ᠪᠷᠢᠵ ᠬᠦᠵᠦᠷ ᠤᠨ ᠬᠥᠳᠡᠯᠭᠡᠭᠡᠨ ᠤ ᠥᠪᠡᠷᠮᠢᠴᠡ ᠷᠢᠳᠢ ᠰᠢᠳᠢ ᠶᠢ ᠭᠦᠢᠴᠡᠳ ᠢᠯᠡᠷᠡᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号