ᠼᠦᠢ ᠵᠢᠩ ᠶᠢᠩ ᠠᠵᠤ ᠦᠢᠯᠡᠳᠪᠦᠷᠢ ᠶᠢᠨ ᠲᠦᠷᠦᠯ ᠵᠦᠢᠯ ᠪᠣᠯᠤᠨ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/24
     7 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠤᠳᠠ ᠲᠣᠭᠤᠷᠢᠭ ᠲᠤ ᠬᠦᠷᠴᠦ᠂ ᠠᠵᠤ ᠦᠢᠯᠡᠳᠪᠦᠷᠢ ᠶᠢᠨ ᠲᠥᠷᠥᠯ ᠵᠦᠢᠯ ᠪᠠ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠣᠷᠣᠯᠴᠠᠪᠡ᠃

     ᠼᠦᠢ ᠵᠢᠩ ᠶᠢᠩ ᠨᠡᠷ ᠤᠷᠢᠳ ᠬᠤᠵᠢᠳ ᠶᠠᠩ ᠭᠤᠸᠠᠩ ᠨᠡᠬᠦᠷᠡᠰᠦᠳᠦ᠋ᠷᠦᠭᠴᠢᠲᠤ ᠡᠳ᠋᠂ ᠵᠢᠶᠦ᠋ᠨ ᠵᠧᠩ

ᠬᠢᠮᠢ ᠶᠢᠨ ᠠᠵᠤ ᠦᠢᠯᠡᠳᠪᠦᠷᠢ᠂ ᠳ᠋ᠦᠩ ᠵᠢᠩ ᠠᠮᠢᠳᠤ ᠪᠣᠳᠠᠰ ᠵᠡᠷᠭᠡ ᠠᠵᠤ ᠠᠬᠤᠶᠢᠯᠠᠯ ᠳᠤ ᠬᠦᠷᠴᠦ᠂ ᠲᠦᠷᠦᠯ

ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠣᠷᠠᠨ

ᠲᠠᠷᠬᠠᠯᠠᠯ ᠤᠨ ᠶᠠᠪᠤᠴᠠ᠂ ᠮᠡᠷᠭᠡᠵᠢᠯ ᠤᠨ ᠰᠢᠨ᠎ᠡ ᠶᠢ ᠡᠭᠦᠳᠬᠦ᠂ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠶᠢᠨ

ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃

     ᠼᠦᠢ ᠵᠢᠩ ᠶᠢᠩ ᠬᠡᠯᠡᠭᠰᠡᠨ ᠨᠢ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ

ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠷᠢᠳᠴᠢᠯᠠᠨ ᠦᠢᠯᠡᠴᠢᠯᠡᠵᠦ᠂ ᠲᠦᠷᠦᠯ ᠵᠦᠢᠯ ᠤᠨ

ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠷᠲᠡᠬᠡᠨ ᠪᠠᠶᠢᠭᠤᠯᠵᠤ ᠠᠰᠢᠭᠯᠠᠯᠲᠠ ᠳᠤ

ᠣᠷᠣᠭᠤᠯᠬᠤ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠲᠦᠷᠦᠯ ᠵᠦᠢᠯ ᠤᠨ

ᠪᠦᠳᠦᠭᠡᠨ ᠪᠠᠶᠢᠭᠤᠯᠤᠯᠲᠠ ᠪᠣᠯᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷ ᠲᠦᠪᠡᠭᠲᠡᠢ

ᠠᠰᠠᠭᠤᠳᠠᠯ ᠢ ᠨᠢ ᠵᠣᠬᠢᠴᠠᠭᠤᠯᠤᠨ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ

ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠡᠷᠢᠵᠦ᠂ ᠪᠣᠷᠣᠯᠠᠭᠤᠯᠭ᠎ᠠ ᠶᠢᠨ ᠵᠠᠮ᠂ ᠵᠠᠬ᠎ᠠ ᠳᠡᠯᠭᠡᠭᠦᠷ ᠢ ᠨᠢ ᠥᠷᠭᠡᠳᠬᠡᠵᠦ᠂

ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠤᠳᠠ ᠶᠢᠨ ᠳᠡᠭᠡᠳᠦ

ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠬᠦᠷᠢᠶᠡᠯᠡᠩ

ᠲᠣᠭᠤᠷᠢᠭ ᠤᠨ ᠪᠠᠶᠢᠭᠤᠯᠤᠮᠵᠢ ᠲᠣᠭᠲᠠᠴᠠ ᠪᠠᠨ ᠴᠢᠨᠠᠭᠰᠢᠳᠠ ᠰᠢᠯᠤᠭᠤᠳᠬᠠᠵᠤ᠂ ᠢᠵᠢ ᠪᠦᠷᠢᠳᠦᠭᠰᠡᠨ ᠰᠠᠭᠤᠷᠢ

ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠤᠯᠠ ᠪᠠᠶᠢᠭ᠎ᠠ ᠭᠠᠵᠠᠷ ᠰᠢᠷᠣᠢ ᠪᠣᠯᠤᠨ

ᠦᠢᠯᠡᠳᠪᠦᠷᠢ ᠶᠢᠨ ᠭᠡᠷ ᠪᠠᠶᠢᠰᠢᠩ ᠢ ᠪᠦᠲᠦᠮᠵᠢᠲᠡᠢ ᠠᠮᠢᠯᠠᠭᠤᠯᠵᠤ᠂ ᠬᠥᠭᠵᠢᠯᠲᠡ ᠶᠢᠨ ᠣᠷᠣᠨ ᠵᠠᠢ ᠶᠢ ᠭᠦᠢᠴᠡᠳ

ᠪᠠᠳᠠᠷᠠᠭᠤᠯᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ

ᠬᠡᠷᠡᠭᠲᠡᠢ᠃ ᠠᠵᠤ ᠠᠬᠤᠶᠢᠯᠠᠯ ᠤᠨ ᠬᠢᠨ ᠠᠵᠢᠯ ᠲᠥᠷᠥᠯ ᠤᠨ ᠬᠥᠭᠵᠢᠯᠲᠡ ᠶᠢᠨ ᠬᠠᠨᠳᠤᠰᠢ ᠪᠠ ᠵᠠᠬ᠎ᠠ ᠳᠡᠯᠭᠡᠭᠦᠷ ᠤᠨ

ᠬᠡᠷᠡᠭᠴᠡᠭᠡ ᠶᠢᠨ ᠬᠤᠪᠢᠷᠠᠯᠲᠠ ᠶᠢ ᠴᠢᠩᠭ᠎ᠠ ᠠᠩᠬᠠᠷᠴᠤ᠂ ᠳᠡᠭᠡᠳᠦ ᠲᠠᠰ ᠤᠨ᠂ ᠤᠶᠤᠨᠴᠢᠯᠠᠭᠰᠠᠨ᠂ ᠪᠣᠬᠢᠷᠲᠤᠯ ᠥᠬᠡᠶ

ᠪᠣᠯᠭᠠᠬᠤ ᠴᠢᠭᠯᠡᠯ ᠪᠠᠲᠤ ᠡᠵᠡᠮᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾

ᠢᠨᠵᠧᠨᠧᠷᠢᠩ ᠢᠶᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠦᠨ ᠳᠠᠭᠠᠭᠤᠯᠵᠤ᠂ ᠰᠢᠨᠵᠢᠯᠡᠬᠦ ᠤᠬᠠᠭᠠᠨ

ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠷᠠᠨ

ᠲᠠᠷᠬᠠᠯᠠᠯ ᠤᠨ ᠴᠤᠪᠤᠷᠠᠯ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠭᠤᠤᠯᠯᠠᠬᠤ ᠥᠷᠢᠰᠥᠯᠳᠦᠬᠦ ᠬᠦᠴᠦᠨ ᠪᠠ

ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠠᠶᠤᠯᠭᠦᠢ

ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ︽ᠴᠠᠭ ᠢᠮᠠᠭᠲᠠ

ᠰᠠᠨᠠᠭ᠎ᠠ ᠠᠮᠤᠷ ᠪᠠᠶᠢᠵᠤ ᠪᠤᠯᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠣᠯᠤᠨ ︽ᠶᠠᠪᠤᠳᠠᠯ ᠪᠣᠯᠭᠠᠨ ᠳᠤ

ᠳᠣᠲᠣᠷ᠎ᠠ ᠪᠠᠨ ᠲᠤᠭ᠎ᠠ ᠲᠠᠢ︾ ᠭᠡᠬᠦ ᠠᠵᠢᠯᠯᠠᠭᠠᠨ ᠤ ᠬᠥᠳᠡᠯᠭᠡᠬᠦ ᠬᠦᠴᠦᠨ ᠢᠶᠠᠷ ᠪᠠᠷᠢᠯᠭ᠎ᠠ ᠶᠢᠨ ᠲᠤᠬᠠᠢ ᠶᠢᠨ

ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ

ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ

ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号