ᠲᠠᠩ ᠢ ᠬᠠᠯᠠᠭᠤᠨ ᠳᠤᠯᠠᠭᠠᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/7/24
     7 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠯᠠᠭᠤᠨ ᠳᠤᠯᠠᠭᠠᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠭᠦᠸᠧ ᠢ ᠵᠢᠶᠧ ᠣᠷᠣᠯᠴᠠᠪᠡ᠃

     ᠲᠠᠩ ᠢ ᠤᠷᠢᠳ ᠬᠤᠵᠢᠳ ᠬᠤᠲᠠ ᠶᠢᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠵᠢᠴᠢ

ᠢᠯᠴᠢ ᠬᠠᠩᠭᠠᠬᠤ ᠴᠢᠳᠠᠪᠤᠷᠢ ᠶᠢ ᠦᠷᠭᠡᠳᠭᠡᠬᠦ ︵ᠣᠷᠳᠣ ᠳᠠᠮᠵᠢᠭᠤᠯᠬᠤ ᠬᠤᠭᠤᠯᠠᠶ ᠶᠢᠨ ᠲᠣᠤᠷ︶᠂ ᠬᠠᠶᠢᠷᠤᠪ ᠤᠨ

ᠲᠣᠬᠤᠶ ᠲᠣᠭᠤᠷᠢᠭ ᠤᠨ ᠬᠤᠶᠢᠲᠤ ᠬᠡᠰᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠢᠲᠠᠮᠠᠬᠠᠶ ᠬᠡᠶ ᠶᠢᠨ ᠵᠤᠤᠬ᠎ᠠ ᠶᠢᠨ

ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠬᠦᠷᠴᠦ᠂ ᠪᠠᠷᠢᠯᠭ᠎ᠠ ᠶᠢᠨ ᠲᠦᠢᠮᠣ ᠪᠠᠶᠢᠳᠠᠯ᠂ ᠠᠬᠢᠴᠠ ᠶᠢᠨ

ᠲᠣᠬᠢᠷᠠᠭᠤᠯᠤᠯᠲᠠ᠂ ᠬᠤᠭᠤᠯᠠᠶ ᠶᠢᠨ ᠮᠠᠲ᠋ᠧᠷᠢᠶᠠᠯ ᠤᠨ ᠶᠠᠰᠤ ᠴᠢᠨᠠᠷ᠂ ᠪᠠᠷᠢᠯᠭ᠎ᠠ ᠲᠠᠭᠤᠰᠬᠠᠬᠤ ᠴᠠᠭ ᠵᠡᠷᠭᠡ ᠪᠠᠶᠢᠳᠠᠯ ᠢ

 ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠬᠠᠯᠠᠭᠤᠨ ᠳᠤᠯᠠᠭᠠᠨ ᠢᠨᠵᠧᠨᠧᠷᠢᠩ ᠪᠣᠯ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠮᠦᠨ᠂ ᠲᠦᠭ

ᠲᠦᠮᠡᠨ ᠠᠶᠢᠯ ᠡᠷᠦᠬᠡ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠯ᠎ᠡ

ᠱᠠᠲᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ

ᠴᠢᠬᠤᠯᠠᠴᠢᠯᠠᠵᠤ᠂ ᠬᠦᠴᠦᠨ ᠢᠶᠠᠨ ᠴᠢᠩᠭᠠᠷᠠᠭᠤᠯᠤᠨ᠂ ᠵᠣᠬᠢᠶᠠᠨ ᠪᠠᠶᠢᠭᠤᠯᠤᠯᠲᠠ ᠪᠠᠨ ᠰᠢᠯᠢᠳᠡᠭᠵᠢᠭᠦᠯᠵᠦ᠂ ᠪᠠᠷᠢᠯᠭ᠎ᠠ

 ᠶᠢᠨ ᠪᠦᠲᠦᠮᠵᠢᠲᠡᠶ ᠬᠤᠭᠤᠴᠠᠭ᠎ᠠ ᠶᠢ ᠵᠠᠪᠳᠤᠨ ᠠᠳᠬᠤᠵᠤ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠨ᠂ ᠢᠯᠴᠢ ᠶᠢᠨ

ᠢᠷᠡᠯᠲᠡ ᠶᠢᠨ ᠪᠠᠲᠤᠯᠠᠭ᠎ᠠ ᠪᠠ ᠢᠯᠴᠢ ᠶᠢᠨ ᠲᠣᠤᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ

ᠰᠠᠶᠢᠲᠤᠷ ᠬᠢᠵᠦ᠂ ᠲᠥᠷᠥᠯ ᠵᠦᠢᠯ ᠢᠶᠠᠨ ᠴᠠᠭ ᠲᠤᠬᠠᠶ ᠳᠤᠨᠢ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃

ᠢᠯᠴᠢ ᠬᠠᠩᠭᠠᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠠᠷᠭ᠎ᠠ ᠶᠢ ᠢᠳᠡᠪᠬᠢᠲᠡᠢ ᠰᠦᠪᠡᠭᠴᠢᠯᠡᠵᠦ᠂

ᠢᠯᠴᠢ ᠬᠠᠩᠭᠠᠬᠤ ᠲᠥᠬᠦᠭᠡᠷᠦᠮᠵᠢ ᠶᠢᠨ ︽ᠡᠪᠦᠯ ᠤᠨ ᠡᠪᠡᠳᠴᠢᠨ ᠢ ᠵᠤᠨ ᠵᠠᠰᠠᠬᠤ︾ ᠠᠵᠢᠯ ᠢᠶᠠᠨ ᠯᠠᠪᠳᠠᠭᠤᠨ

ᠪᠠᠲᠤᠲᠠᠢ ᠰᠠᠶᠢᠲᠤᠷ ᠬᠢᠵᠦ᠂ ᠢᠯᠴᠢ ᠶᠢᠨ ᠬᠦᠴᠦᠨ ᠤ ᠬᠠᠩᠭᠠᠯᠭ᠎ᠠ ᠶᠢᠨ ᠦᠢᠯᠡᠳᠦᠯ ᠴᠢᠳᠠᠪᠤᠷᠢ ᠪᠣᠯᠤᠨ

ᠦᠢᠯᠡᠴᠢᠯᠡᠭᠡᠨ ᠤ ᠶᠠᠰᠤ ᠴᠢᠨᠠᠷ ᠢᠶᠠᠨ ᠪᠦᠲᠦᠮᠵᠢᠲᠡᠢ ᠳᠡᠭᠡᠭᠰᠢᠯᠡᠭᠦᠯᠵᠦ᠂ ᠤᠯᠠᠨ ᠲᠦᠮᠡᠨ ᠤ ᠳᠤᠯᠠᠭᠠᠨ ᠪᠦᠯᠢᠶᠡᠨ

ᠡᠪᠦᠯᠵᠢᠬᠦ ᠶᠢ ᠪᠠᠲᠤᠯᠠᠬᠤ ᠬᠡᠷᠡᠭᠲᠡᠢ᠃ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ

ᠪᠠᠶᠢᠭᠤᠯᠤᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢᠶᠠᠨ ᠲᠡᠭᠦᠯᠳᠡᠷᠵᠢᠭᠦᠯᠵᠦ᠂

ᠣᠨᠴᠠᠭᠠᠢ ᠴᠠᠭ ᠠᠭᠤᠷ ᠢ ᠠᠷᠭᠠᠴᠠᠭᠠᠬᠤ ᠪᠠ ᠢᠯᠴᠢ ᠬᠠᠩᠭᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ

ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠡᠢ᠃

     ᠲᠠᠩ ᠢ ᠪᠠᠰᠠ ᠬᠠᠶᠢᠷᠤᠪ ᠤᠨ ᠲᠤᠬᠤᠢ ᠲᠣᠭᠤᠷᠢᠭ ᠤᠨ ᠶᠢᠨ ᠬᠠᠢ ᠬᠤᠸᠠ ᠶᠤᠸᠠᠨ ᠰᠠᠭᠤᠭᠠᠯᠢ ᠠᠷᠠᠳ ᠤᠨ

ᠲᠣᠭᠤᠷᠢᠭ ᠪᠣᠯᠤᠨ ᠰᠢᠩ ᠹᠦ᠋ ᠨᠡᠶᠢᠭᠡᠮ ᠲᠣᠭᠤᠷᠢᠭ ᠲᠤ ᠬᠦᠷᠴᠦ᠂ ᠬᠠᠭᠤᠴᠢᠨ ᠰᠠᠭᠤᠭᠠᠯᠢ ᠠᠷᠠᠳ ᠤᠨ

ᠲᠣᠭᠤᠷᠢᠭ ᠤᠨ ᠡᠩᠬᠡ ᠲᠠᠶᠢᠪᠤᠩ ᠭᠡᠷ ᠪᠠᠶᠢᠰᠢᠩ ᠤᠨ ᠲᠣᠭᠤᠷᠢᠭ ᠤᠨ ᠥᠭᠡᠷᠡᠴᠢᠯᠡᠯᠲᠡ ᠶᠢᠨ ᠪᠠᠶᠢᠳᠠᠯ ᠢ ᠨᠢ

ᠪᠠᠶᠢᠴᠠᠭᠠᠨ ᠦᠵᠡᠭᠰᠡᠨ ᠪᠥᠭᠡᠳ ᠡᠷᠦᠬᠡ ᠳᠤ ᠣᠷᠣᠵᠤ ᠥᠭᠡᠷᠡᠴᠢᠯᠡᠨ ᠪᠠᠶᠢᠭᠤᠯᠤᠭᠰᠠᠨ ᠦᠷ᠎ᠡ ᠪᠦᠲᠦᠮᠵᠢ ᠶᠢ ᠨᠢ

ᠣᠶᠢᠯᠠᠭᠠᠪᠠ᠃ ᠲᠡᠷᠡ ᠬᠡᠯᠡᠭᠰᠡᠨ ᠨᠢ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠠ

ᠪᠠᠶᠢᠰᠢᠩᠲᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠪᠣᠯ ᠬᠤᠲᠠ ᠶᠢᠨ ᠰᠢᠨᠡᠴᠢᠯᠡᠯᠲᠡ ᠶᠢᠨ ᠴᠢᠬᠤᠯᠠ ᠠᠭᠤᠯᠭ᠎ᠠ

ᠮᠥᠨ᠂ ᠲᠡᠷᠡ ᠨᠢ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ ᠠᠷᠠᠳ

ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠲᠥᠬᠦᠭᠡᠷᠦᠮᠵᠢ ᠶᠢᠨ ᠳᠤᠲᠠᠭᠤᠳᠠᠯ ᠢ ᠨᠢ ᠨᠥᠬᠦᠪᠥᠷᠢᠯᠡᠬᠦ᠂ ᠢᠵᠢ

ᠪᠦᠷᠢᠳᠦᠭᠦᠯᠬᠦ ᠴᠢᠳᠠᠮᠵᠢ ᠶᠢ ᠨᠢ ᠲᠡᠭᠦᠯᠳᠡᠷᠵᠢᠭᠦᠯᠬᠦ᠂ ᠣᠷᠣᠨ ᠰᠠᠭᠤᠴᠠ ᠶᠢᠨ ᠣᠷᠴᠢᠨ ᠲᠣᠭᠤᠷᠢᠨ ᠢ ᠨᠢ

ᠰᠠᠶᠢᠵᠢᠷᠠᠭᠤᠯᠬᠤ ᠶᠢ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠲᠠᠢ ᠨᠢᠭᠲᠠ ᠤᠶᠠᠯᠳᠤᠭᠤᠯᠵᠤ᠂ ᠣᠷᠣᠨ ᠵᠠᠢ ᠶᠢᠨ

ᠡᠬᠢ ᠪᠠᠶᠠᠯᠢᠭ ᠢ ᠵᠣᠬᠢᠰᠲᠠᠢ ᠠᠰᠢᠭᠯᠠᠵᠤ᠂ ᠠᠷᠠᠳ ᠤᠯᠠᠨ ᠤ ᠠᠩᠬᠠᠷᠴᠤ ᠠᠩᠬᠠᠷᠴᠤ ᠪᠠᠶᠢᠭ᠎ᠠ ᠬᠦᠴᠢᠷ ᠲᠦᠪᠡᠭᠲᠡᠢ

ᠠᠰᠠᠭᠤᠳᠠᠯ ᠢ ᠨᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠠᠬᠢᠴᠠ ᠪᠠᠨ ᠲᠦᠷᠭᠡᠳᠬᠡᠵᠦ᠂

ᠤᠯᠠᠨ ᠲᠦᠮᠡᠨ ᠤ ᠳᠡᠷᠭᠡᠳᠡᠬᠢ ᠶᠠᠪᠤᠳᠠᠯ ᠢ ᠰᠠᠶᠢᠲᠤᠷ ᠪᠦᠭᠡᠳ ᠪᠣᠳᠠᠲᠠᠢ ᠬᠢᠵᠦ᠂ ᠤᠯᠠᠨ ᠲᠦᠮᠡᠨ ᠳᠤ ᠡᠷᠲᠡᠬᠡᠨ

ᠠᠰᠢᠭ ᠬᠦᠷᠲᠡᠭᠡᠬᠦ ᠬᠡᠷᠡᠭᠲᠡᠢ᠃ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ

ᠲᠣᠯᠢᠯᠠᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠥᠭᠡᠷᠡᠴᠢᠯᠡᠯᠲᠡ ᠳᠤ ᠣᠷᠣᠯᠴᠠᠬᠤ ᠢᠳᠡᠪᠬᠢᠵᠢᠯ ᠢ

ᠥᠷᠭᠡᠨ ᠢᠶᠠᠷ ᠲᠠᠶᠢᠴᠢᠯᠠᠵᠤ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠪᠠᠶᠢᠰᠢᠩᠲᠤ ᠭᠡᠷ ᠤᠨ ᠲᠣᠭᠤᠷᠢᠭ ᠤᠨ

ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠴᠡᠪᠡᠷ ᠴᠡᠮᠴᠡᠭᠡᠷ᠂ ᠠᠮᠤᠷ ᠲᠦᠪᠰᠢᠨ ᠡᠶ᠎ᠡ ᠵᠣᠬᠢᠴᠠᠩᠭᠤᠢ᠂

ᠦᠵᠡᠰᠬᠦᠯᠡᠩᠲᠦ ᠰᠠᠶᠢᠬᠠᠨ ᠡᠮᠬᠢ ᠵᠢᠷᠤᠮ ᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠬᠦᠴᠦᠯᠡᠨ ᠪᠤᠢ

ᠪᠣᠯᠭᠠᠬᠤ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号