2024 ᠣᠨ ᠤ 7 ᠰᠠᠷ᠎ᠠ ᠶᠢᠨ 23 ᠤ ᠡᠳᠦᠷ ᠤᠨ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/7/24
     ᠼᠦᠢ ᠵᠢᠩ ᠶᠢᠩ᠄ ᠠᠵᠤ ᠦᠢᠯᠡᠳᠪᠦᠷᠢ ᠶᠢᠨ ᠲᠦᠷᠦᠯ ᠵᠦᠢᠯ ᠵᠢᠴᠢ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ︔ ᠬᠤᠯᠪᠤᠭᠳᠠᠯ ᠪᠦᠬᠦᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠯᠢ ᠳ᠋ᠦᠩ᠄ ᠠᠵᠤ ᠦᠢᠯᠡᠳᠪᠦᠷᠢ ᠶᠢᠨ ᠲᠥᠷᠥᠯ ᠵᠦᠢᠯ ᠵᠢᠴᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ︔ ᠬᠤᠯᠪᠣᠭᠳᠠᠯ ᠪᠦᠬᠦᠢ ᠨᠢᠭᠡᠴᠡ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠦᠭᠰᠡᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠳᠤᠮᠳᠠᠳᠤ ᠤᠯᠤᠰ ᠤᠨ ᠲᠠᠷᠢᠶᠠᠯᠠᠩ ᠤᠨ ᠬᠤᠯᠪᠣᠭᠠᠲᠤ ᠪᠦᠯᠦᠭᠯᠡᠯ ᠲᠠᠢ ᠶᠠᠷᠢᠯᠴᠠᠬᠤ ᠬᠤᠷᠠᠯ ᠬᠤᠷᠠᠯᠳᠣᠭᠤᠯᠪᠠ᠃      ᠭᠦᠸᠧ ᠢ ᠵᠢᠶᠧ᠄ ᠬᠠᠯᠠᠭᠤᠨ ᠲᠤᠯᠠᠭᠠᠨ ᠢᠨᠵᠧᠨᠧᠷᠢᠩ ᠪᠣᠯᠤᠨ ᠬᠤᠲᠠ ᠶᠢᠨ ᠰᠢᠨᠡᠴᠢᠯᠡᠯᠲᠡ ᠶᠢᠨ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠪᠠ᠃      ᠸᠠᠩ ᠵᠢᠶ ᠫᠢᠩ᠄ ᠡᠷᠡᠭᠦᠯ ᠬᠠᠮᠠᠭᠠᠯᠠᠯ ᠤᠨ ᠬᠦᠷᠢᠶ᠎ᠡ᠂ ᠵᠠᠮ ᠬᠠᠷᠢᠯᠴᠠᠭᠠᠨ ᠤ ᠬᠦᠷᠢᠶᠠᠨ ᠤ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠰᠤᠳᠤᠯᠪᠠ᠃      ᠵᠠᠩ ᠮᠢᠩ ᠮᠢᠩ᠄ ᠭᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠵᠢᠯ ᠤᠨ ᠲᠤᠬᠠᠢ ᠰᠤᠳᠤᠯᠪᠠ᠃      ᠭᠤᠣ ᠪᠦᠸᠧ᠄ ᠠᠢᠮᠠᠭ ᠬᠤᠲᠠ ᠶᠢᠨ ᠰᠢᠨ᠎ᠡ ᠡᠨᠧᠷᠭᠢ ᠶᠢᠨ ᠬᠠᠮᠵᠢᠯᠴᠠᠭᠠᠨ ᠤ ᠲᠥᠷᠥᠯ ᠵᠦᠢᠯ ᠤᠨ ᠲᠣᠬᠢᠷᠠᠭᠤᠯᠤᠯᠲᠠ ᠶᠢ ᠠᠬᠢᠭᠤᠯᠬᠤ ᠬᠤᠷᠠᠯ ᠳᠤ ᠣᠷᠣᠯᠴᠠᠪᠠ᠃      ᠵᠠᠩ ᠸᠧᠢ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ 2024 ᠣᠨ ᠤ ᠴᠠᠭᠳᠠᠭᠠᠨ ᠤ ᠶᠠᠪᠤᠳᠠᠯ ᠤᠨ ᠪᠣᠳᠠᠲᠤ ᠲᠠᠶᠢᠨ ᠤ ᠤᠷ᠎ᠠ ᠴᠢᠳᠠᠪᠤᠷᠢ ᠶᠢᠨ ᠮᠥᠷᠦᠶᠢᠴᠡᠭᠡᠨ ᠤ ᠤᠷᠤᠯᠳᠤᠭᠠᠨ ᠳᠤ ᠣᠷᠣᠯᠴᠠᠪᠡ︔ ᠴᠡᠷᠢᠭ ᠤᠨ ᠠᠮᠠᠷᠠᠯᠲᠠ ᠠᠪᠤᠭᠰᠠᠨ ᠺᠠᠳ᠋ᠷ ᠢ ᠲᠣᠬᠤᠨᠢᠭᠤᠯᠪᠠ᠃      ᠵᠠᠩ ᠶᠦᠩ᠄ ᠰᠣᠶᠣᠯ ᠵᠢᠭᠤᠯᠴᠢᠯᠠᠯ ᠤᠨ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠰᠤᠳᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号