ᠣᠶᠢᠷ᠎ᠠ ᠳᠤ᠂ ᠮᠠᠨ ᠤ ᠬᠤᠲᠠ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ | ᠪᠣᠯᠪᠠᠰᠤᠷᠠᠯ ᠰᠣᠯᠢᠯᠴᠠᠭᠠᠨ ᠤ ᠬᠤᠷᠠᠯ ᠬᠤᠷᠠᠯᠳᠤᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠵᠢᠴᠢ 60 ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠠᠵᠤ ᠠᠬᠤᠶᠢᠯᠠᠯ ᠤᠨ ᠲᠥᠯᠥᠭᠡᠯᠡᠭᠴᠢ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠠᠶᠤᠯᠭᠦᠢ | ᠦᠢᠯᠡᠳᠪᠦᠷᠢᠯᠡᠯ ᠤᠨ ᠬᠦᠨᠳᠦ ᠶᠡᠭᠡ ᠭᠡᠮ ᠰᠣᠭᠤᠭ ᠢ ᠵᠢᠭᠰᠠᠭᠠᠨ ᠪᠠᠶᠢᠴᠠᠭᠠᠬᠤ ᠵᠦᠢᠯᠡᠰ ᠤᠨ ᠨᠠᠷᠢᠨ ᠳᠠᠩᠰᠠ︾ | ᠵᠡᠷᠭᠡ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠰᠤᠷᠤᠯᠴᠠᠵᠤ᠂ ᠠᠷᠠᠯᠵᠢᠶ᠎ᠠ ᠬᠤᠳᠠᠯᠳᠤᠭᠠᠨ ᠤ 4 ᠠᠵᠤ | ᠠᠬᠤᠶᠢᠯᠠᠯ ᠤᠨ ᠲᠥᠯᠥᠭᠡᠯᠡᠭᠴᠢ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠶᠤᠯ | ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠬᠤ ᠶᠢᠨ ᠲᠣᠭᠤᠷᠢᠨ ᠳᠤ ᠲᠤᠷᠰᠢᠯᠭ᠎ᠠ ᠪᠠᠨ ᠰᠣᠯᠢᠯᠴᠠᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠶᠢᠨ ᠡᠯ᠎ᠡ ᠰᠠᠯᠠᠭ᠎ᠠ ᠮᠥᠴᠢᠷ ᠤᠨ ᠬᠢᠨ ᠲᠣᠮᠣ ᠬᠡᠯᠪᠡᠷᠢ ᠶᠢᠨ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠵᠣᠴᠢᠳ ᠤᠨ ᠪᠠᠭᠤᠳᠠᠯ ᠢᠳᠡᠭᠡᠨ ᠤᠮᠳᠠᠭᠠᠨ᠂ ᠲᠣᠰᠣ ᠨᠡᠮᠡᠬᠦ | ᠥᠷᠲᠡᠭᠡ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠠᠩᠬᠠᠷᠴᠤ᠂ ᠠᠵᠤ ᠠᠬᠤᠶᠢᠯᠠᠯ ᠳᠤ ᠭᠦᠨᠵᠡᠭᠡᠶᠢᠷᠡᠨ | ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠳᠠᠯᠳᠠ ᠬᠡᠮ ᠢ | ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠡᠯ᠎ᠡ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠨᠢᠭᠡᠳᠦᠭᠡᠷ | ᠬᠠᠷᠢᠭᠤᠴᠠᠯᠭᠠᠲᠠᠨ ᠤ ᠬᠠᠷᠢᠭᠤᠴᠠᠯᠭ᠎ᠠ ᠵᠢᠴᠢ ︽ᠲᠠᠪᠤᠨ ᠨᠢᠭᠡ︾ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ | ︽ᠵᠢᠷᠭᠤᠭᠠᠨ ᠨᠢᠭᠡ ᠤᠳᠠᠭ᠎ᠠ︾ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠪᠠᠶᠢᠷᠢ ᠶᠢᠨ ᠠᠶᠤᠯᠬᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠤᠨ᠎ᠡ︔ ᠠᠶᠤᠯᠭᠦᠢ | ᠦᠢᠯᠡᠳᠪᠦᠷᠢᠯᠡᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠪᠢᠲᠡᠭᠦᠦ ᠴᠠᠭᠠᠷᠢᠭ ᠢ ᠦᠨᠡᠨ ᠬᠦ ᠰᠠᠶᠢᠲᠤᠷ | ᠬᠢᠵᠦ᠂ ᠬᠦᠨᠳᠦ ᠶᠡᠭᠡ ᠠᠳᠡᠯ ᠤᠨ ᠳᠠᠯᠳᠠ ᠬᠡᠮ ᠢ ᠬᠥᠳᠡᠯᠦᠩᠭᠦᠶ ᠪᠠᠷ ᠠᠷᠢᠯᠭᠠᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ | ᠦᠶᠡᠷ ᠢ ᠰᠡᠷᠭᠡᠶᠢᠯᠡᠬᠦ ᠠᠵᠢᠯ ᠢᠶᠠᠨ ᠦᠨᠡᠨᠬᠦ ᠰᠠᠶᠢᠲᠤᠷ ᠬᠢᠵᠦ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ | ᠴᠢᠯᠦᠭᠡᠲᠤ ᠳᠡᠯᠭᠡᠭᠦᠷ ᠵᠡᠷᠭᠡ ᠭᠠᠵᠠᠷ ᠲᠤ ᠴᠢᠭᠯᠡᠭᠦᠯᠦᠨ ᠳᠠᠬᠢᠨ ᠵᠢᠭᠰᠠᠭᠠᠨ ᠪᠠᠶᠢᠴᠠᠭᠠᠵᠤ᠂ ᠳᠠᠬᠢᠨ ᠡᠮᠬᠢᠯᠡᠵᠦ᠂ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠢᠶᠠᠨ ᠤᠷᠢᠳᠴᠢᠯᠠᠨ ᠰᠠᠶᠢᠲᠤᠷ ᠬᠢᠵᠦ᠂ ᠦᠶᠡᠷ ᠢ ᠠᠮᠤᠷ ᠲᠦᠪᠰᠢᠨ | ᠲᠣᠭᠲᠠᠭᠤᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠨ᠎ᠠ᠃ | |