1 ᠰᠠᠷ᠎ᠠ ᠠᠴᠠ 6 ᠰᠠᠷ᠎ᠠ ᠪᠤᠯᠲᠠᠯ᠎ᠠ᠂ ᠪᠦᠭᠦ ᠬᠤᠲᠠ ᠶᠢᠨ ᠠᠵᠤ ᠣᠢᠢᠯᠠᠣᠠᠪᠤᠷᠢ ᠶᠢᠨ ᠨᠠᠮᠠᠭᠲᠠᠯ ᠤᠨ | ᠬᠤᠷᠲᠣᠴᠠ ᠳᠣᠬᠲᠠᠭᠤᠠ ᠢᠶᠠᠷ ᠲᠠᠭᠡᠭᠰᠢᠯᠠᠵᠤ᠂ ︽ᠠᠲᠠᠯᠢ ᠬᠤᠭᠤᠴᠠᠭᠠᠨ ᠤ ᠬᠢ ᠠᠴᠠ ᠨᠡᠮᠡᠭᠳᠡᠯ ᠲᠠᠢ᠂ | ᠬᠠᠷᠢᠴᠠᠭᠤᠯᠤᠭᠰᠠᠨ ᠬᠡᠮᠵᠢᠶ᠎ᠡ ᠲᠤᠭᠳᠠᠭᠤᠨ᠂ ᠶᠠᠷᠣᠩᠭᠡᠢ ᠬᠠᠨᠳᠣᠰᠢ ᠰᠠᠶᠢᠵᠢᠷᠠᠭᠰᠠᠨ︾ ᠰᠠᠶᠢᠠ ᠪᠠᠶᠢᠲᠠᠯ ᠢᠯᠡᠷᠡᠪᠡ᠃ | ᠡᠮᠦᠨ᠎ᠡ 6 ᠰᠠᠷ᠎ᠠ ᠳᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠡᠶᠢᠲᠡ 782.4 ᠳ᠋ᠦᠩᠰᠢᠭᠤᠷ | ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ 6.1% ᠠᠴᠠ ᠰᠠᠷ᠎ᠠ ᠳᠠᠷᠠᠭᠠᠯᠠᠨ | ᠨᠡᠮᠡᠭᠳᠡᠭᠡᠳ ᠳᠡᠭᠡᠷ᠎ᠡ ᠬᠠᠭᠠᠰ ᠵᠢᠯ ᠤᠨ 12% ᠪᠣᠯᠵᠤ᠂ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠲᠤ | ᠣᠷᠣᠪᠠ᠃ | ᠣᠯᠠᠨ ᠵᠦᠢᠯ ᠤᠨ ᠣᠷᠢᠳᠴᠢᠯᠠᠭᠰᠠᠨ ᠬᠦᠢᠴᠡᠳᠭᠡᠯ ᠲᠤᠭ᠎ᠠ ᠲᠡᠭᠡᠭᠰᠢᠯᠡᠨ ᠰᠠᠶᠢᠵᠢᠷᠠᠪᠠ᠃ ᠳᠡᠭᠡᠷ᠎ᠡ ᠬᠠᠭᠠᠰ | ᠵᠢᠯ ᠳᠤ᠂ ᠪᠦᠬᠦ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ᠂ ᠲᠡᠮᠦᠷ ᠵᠠᠮ ᠤᠨ ᠲᠡᠭᠡᠭᠡᠪᠦᠷᠢ ᠶᠢᠨ ᠶᠡᠷᠦᠩᠬᠡᠶ | ᠬᠡᠮᠵᠢᠶ᠎ᠡ᠂ ᠪᠠᠶᠢᠭᠠᠯᠢ ᠶᠢᠨ ᠰᠢᠲᠠᠮᠠᠬᠠᠶ ᠬᠡᠢ ᠬᠡᠷᠡᠭᠯᠡᠭᠰᠡᠨ ᠶᠡᠷᠦᠩᠬᠡᠶ ᠬᠡᠮᠵᠢᠶ᠎ᠡ᠂ ᠴᠢᠶ᠋ᠢᠦ ᠲᠣᠰᠣᠨ ᠤ | ᠪᠣᠷᠣᠯᠠᠭᠤᠯᠤᠯᠲᠠ ᠶᠢᠨ ᠬᠡᠮᠵᠢᠶ᠎ᠡ᠂ ᠴᠠᠶᠢᠶ᠋ᠢᠦ ᠲᠣᠰᠣᠨ ᠤ ᠪᠣᠷᠣᠯᠠᠭᠤᠯᠤᠯᠲᠠ ᠶᠢᠨ ᠬᠡᠮᠵᠢᠶ᠎ᠡ ᠪᠠ ᠠᠵᠤ | ᠦᠢᠯᠡᠳᠪᠦᠷᠢ ᠶᠢᠨ ᠬᠡᠷᠡᠭᠯᠡᠬᠦ ᠴᠠᠬᠢᠯᠭᠠᠨ ᠤ ᠬᠡᠮᠵᠢᠶ᠎ᠡ ᠲᠣᠰ ᠲᠣᠰ ᠠᠳᠠᠯᠢ ᠬᠤᠭᠤᠴᠠᠭᠠᠨ ᠤ ᠬᠢ ᠠᠴᠠ 7.85%᠂ | 43.9%᠂ 41.4%᠂ 0.8%᠂ 0.3% ᠪᠠ 24.9% ᠨᠡᠮᠡᠭᠳᠡᠪᠡ᠃ | ᠭᠤᠤᠯ ᠠᠵᠢᠯ ᠲᠥᠷᠥᠯ ᠤᠨ ᠲᠠᠶᠢᠴᠢᠯᠠᠭᠰᠠᠨ ᠨᠢ ᠢᠯᠡᠷᠬᠡᠶ ᠬᠦᠢᠴᠡᠳ ᠪᠤᠯᠪᠠ᠃ ᠳᠡᠭᠡᠷ᠎ᠡ ᠬᠠᠭᠠᠰ ᠵᠢᠯ ᠳᠤ᠂ | ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠵᠦ᠂ | ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 17.9% ᠪᠠᠷ ᠨᠡᠮᠡᠭᠳᠡᠵᠦ᠂ | ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.8% ᠪᠠᠷ ᠨᠡᠮᠡᠭᠳᠡᠵᠦ᠂ | ᠭᠤᠷᠪᠠᠨ ᠲᠣᠮᠣ ᠲᠥᠷᠥᠯ ᠵᠡᠷᠭᠡᠪᠡᠷ ᠤᠷᠤᠭᠰᠢᠯᠠᠵᠤ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ | ᠨᠡᠮᠡᠭᠳᠡᠯ ᠳᠤ ᠨᠡᠯᠢᠶᠡᠳ ᠪᠠᠲᠤ ᠪᠠᠬᠢ ᠲᠤᠯᠭᠠᠭᠤᠷᠢᠯᠠᠬᠤ ᠦᠢᠯᠡᠳᠦᠯ ᠦᠵᠡᠭᠦᠯᠪᠡ᠃ | ᠬᠡᠰᠡᠭ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠨᠡᠮᠡᠭᠳᠡᠯ ᠲᠠᠢ ᠪᠤᠯᠪᠠ᠃ ᠣᠳᠣᠬᠠᠨ ᠤ ᠵᠠᠬ᠎ᠠ | ᠳᠡᠯᠭᠡᠭᠦᠷ ᠤᠨ ᠪᠠᠶᠢᠳᠠᠯ ᠢ ᠦᠨᠳᠦᠰᠦᠯᠡᠵᠦ᠂ ᠭᠤᠤᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠦᠨ᠎ᠡ | ᠬᠠᠩᠰᠢ ᠦᠷᠭᠦᠯᠵᠢᠯᠡᠨ ᠳᠣᠤᠷ᠎ᠠ ᠪᠠᠶᠢᠭ᠎ᠠ ᠪᠠᠶᠢᠳᠠᠯ ᠳᠤ ᠴᠢᠭᠯᠡᠬᠦᠯᠦᠨ᠂ ᠮᠠᠨ ᠤ ᠬᠤᠲᠠ ᠠᠵᠤ ᠠᠬᠤᠶᠢᠯᠠᠯ ᠢ | ᠬᠠᠪᠰᠤᠷᠤᠨ ᠥᠪᠡᠷ ᠤᠨ ᠥᠷᠲᠡᠭ ᠢ ᠨᠢ ᠪᠠᠭᠤᠷᠠᠭᠤᠯᠤᠨ ᠦᠷ᠎ᠡ ᠠᠰᠢᠭ ᠢ ᠨᠢ ᠨᠡᠮᠡᠭᠳᠡᠭᠦᠯᠵᠦ᠂ ᠦᠢᠯᠡᠳᠪᠦᠷᠢᠯᠡᠯ ᠢ ᠨᠢ | ᠲᠣᠭᠲᠠᠪᠤᠷᠢᠵᠢᠭᠤᠯᠤᠨ᠂ ᠡᠵᠡᠩᠨᠡᠯᠲᠡ ᠶᠢᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠡᠰᠡᠭ | ᠭᠤᠤᠯ ᠪᠣᠯᠬᠤ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠵᠤᠬᠢᠬᠤ ᠬᠡᠮᠵᠢᠶ᠎ᠡ ᠪᠠᠷ ᠨᠡᠮᠡᠭᠳᠡᠪᠡ᠃ ᠳᠡᠭᠡᠷ᠎ᠡ ᠬᠠᠭᠠᠰ | ᠵᠢᠯ ᠳᠤ᠂ 13 ᠵᠦᠢᠯ ᠤᠨ ᠭᠤᠣᠯ ᠪᠣᠯᠬᠤ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ ︽8 ᠨᠡᠮᠡᠭᠳᠡᠨ 5 ᠪᠠᠭᠤᠷᠠᠵᠤ︾᠂ ᠡᠬᠦᠨ ᠳᠤ BDO᠂ ᠴᠠᠬᠢᠯᠤᠭᠤᠷ ᠴᠢᠯᠠᠭᠤ᠂ | ᠲᠡᠮᠦᠷ ᠤᠨ ᠬᠠᠶᠢᠯᠤᠰᠢ᠂ ᠲᠦᠭᠦᠬᠡᠶ ᠨᠡᠭᠦᠷᠡᠰᠦ᠂ ᠬᠡᠦᠷᠡᠰᠦ᠂ ᠪᠦᠳᠦᠭᠦᠯᠢᠭ ᠪᠣᠯᠣᠳ᠂ ᠪᠣᠯᠣᠳ ᠮᠠᠲ᠋ᠧᠷᠢᠶᠠᠯ ᠪᠠ | ᠨᠡᠭᠦᠷᠡᠰᠦ ᠤᠬᠢᠶᠠᠬᠤ ᠵᠡᠷᠭᠡ 8 ᠵᠦᠢᠯ ᠤᠨ ᠭᠤᠤᠯ ᠪᠣᠯᠬᠤ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠴᠥᠮ | ᠠᠳᠠᠯᠢ ᠪᠤᠰᠤ ᠬᠡᠮᠵᠢᠶ᠎ᠡ ᠪᠠᠷ ᠨᠡᠮᠡᠭᠳᠡᠪᠡ᠃ | ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ ᠲᠣᠭᠲᠠᠭᠤᠨ ᠢᠶᠠᠷ ᠨᠡᠮᠡᠭᠳᠡᠪᠡ᠃ ᠳᠡᠭᠡᠷ᠎ᠡ ᠬᠠᠭᠠᠰ | ᠵᠢᠯ ᠳᠤ᠂ ᠪᠦᠬᠦ ᠬᠤᠲᠠ ᠶᠢᠨ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠭᠰᠡᠨ ᠬᠡᠮᠵᠢᠶ᠎ᠡ 135.05 ᠳ᠋ᠦᠩᠰᠢᠭᠤᠷ | ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.94 % ᠪᠠᠷ ᠨᠡᠮᠡᠭᠳᠡᠪᠡ᠃ ᠠᠵᠢᠯ | ᠲᠥᠷᠥᠯ ᠢᠶᠠᠷ ᠠᠪᠴᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 4.31 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.02 % ᠢᠶᠠᠷ ᠨᠡᠮᠡᠭᠳᠡᠪᠡ︔ | ᠦᠢᠯᠡᠳᠬᠦ ᠦᠢᠯᠡᠰ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 114.18 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 27.24% ᠨᠡᠮᠡᠭᠳᠡᠪᠡ︔ ᠴᠠᠬᠢᠯᠭᠠᠨ ᠬᠦᠴᠦᠨ ᠢᠯᠴᠢ ᠶᠢᠨ ᠬᠦᠴᠦᠨ | ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠴᠠᠬᠢᠯᠭᠠᠨ ᠬᠡᠷᠡᠭᠯᠡᠭᠰᠡᠨ | ᠬᠡᠮᠵᠢᠶ᠎ᠡ 16.56 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.91 | % ᠪᠠᠷ ᠨᠡᠮᠡᠭᠳᠡᠪᠡ᠃ ᠴᠠᠬᠢᠯᠭᠠᠨ ᠬᠡᠷᠡᠭᠯᠡᠬᠦ ᠬᠡᠮᠵᠢᠶᠡᠨ ᠤ ᠨᠡᠮᠡᠭᠳᠡᠯ ᠨᠢ ᠮᠠᠨ ᠤ ᠬᠤᠲᠠ ᠶᠢᠨ ᠠᠵᠤ ᠦᠢᠯᠡᠳᠪᠦᠷᠢ ᠶᠢᠨ | ᠠᠵᠤ ᠠᠬᠤᠢ ᠶᠢᠨ ᠡᠷᠭᠢᠯᠲᠡ ᠳᠤ ᠲᠣᠭᠲᠠᠭᠤᠨ ᠪᠥᠭᠡᠳ ᠨᠡᠯᠢᠶᠡᠳ ᠲᠦᠷᠭᠡᠨ ᠬᠥᠭᠵᠢᠬᠦ ᠨᠥᠭᠡᠴᠡ ᠬᠦᠴᠦᠨ | ᠢᠯᠡᠷᠡᠭᠰᠡᠨ ᠢ ᠬᠠᠷᠠᠭᠤᠯᠵᠤ ᠪᠠᠶᠢᠨ᠎ᠠ᠃ | ᠳᠣᠣᠷ᠎ᠠ ᠬᠠᠭᠠᠰ ᠵᠢᠯ ᠳᠤ᠂ ᠮᠠᠨ ᠤ ᠬᠤᠲᠠ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ | ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠶᠢᠯᠠᠯ ᠳᠤ ᠦᠢᠯᠡᠴᠢᠯᠡᠬᠦ ᠪᠠᠨ ᠦᠷᠭᠦᠯᠵᠢᠯᠡᠨ | ᠴᠢᠩᠭᠠᠳᠬᠠᠵᠤ᠂ ᠤᠳᠤ ᠶᠢᠨ ᠪᠠᠶᠢᠭ᠎ᠠ ᠠᠵᠤ ᠠᠬᠤᠶᠢᠯᠠᠯ ᠤᠨ ᠬᠡᠮᠵᠢᠶ᠎ᠡ ᠶᠢ ᠴᠢᠩᠭ᠎ᠠ ᠠᠩᠬᠠᠷᠴᠤ᠂ ᠳᠣᠷᠣᠭᠰᠢ | ᠲᠠᠲᠠᠭᠰᠠᠨ ᠠᠵᠤ ᠠᠬᠤᠶᠢᠯᠠᠯ ᠤᠨ ᠬᠡᠮᠵᠢᠶ᠎ᠡ ᠶᠢ ᠨᠢ ᠨᠥᠬᠦᠪᠥᠷᠢᠯᠡᠵᠦ ᠭᠠᠷᠤᠯᠲᠠ ᠶᠢ ᠨᠢ ᠲᠣᠭᠲᠠᠪᠤᠷᠢᠵᠢᠭᠤᠯᠬᠤ ᠶᠢ | ᠴᠢᠩᠭ᠎ᠠ ᠠᠩᠬᠠᠷᠴᠤ᠂ ᠰᠢᠨ᠎ᠡ ᠪᠠᠷ ᠬᠡᠪᠴᠢᠶᠡᠵᠢᠯ ᠳᠤ ᠤᠷᠤᠭᠰᠠᠨ ᠠᠵᠤ ᠠᠬᠤᠶᠢᠯᠠᠯ ᠤᠨ ᠬᠡᠮᠵᠢᠶ᠎ᠡ ᠶᠢ ᠨᠢ | ᠥᠷᠭᠡᠳᠬᠡᠨ ᠬᠤᠷᠳᠤᠴᠠ ᠶᠢ ᠨᠢ ᠲᠦᠷᠭᠡᠳᠬᠡᠬᠦ ᠶᠢ ᠴᠢᠩᠭ᠎ᠠ ᠠᠩᠬᠠᠷᠬᠤ ᠶᠢᠨ ᠬᠠᠮᠲᠤ ᠰᠢᠨ᠎ᠡ ᠨᠡᠮᠡᠭᠳᠡᠯ ᠤᠨ ᠴᠢᠭ ᠢ | ᠪᠦᠬᠦ ᠬᠦᠴᠦᠨ ᠢᠶᠠᠷ ᠢᠶᠠᠨ ᠪᠤᠶᠢᠵᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠰᠢᠨ᠎ᠡ ᠬᠦᠴᠦᠨ ᠨᠡᠮᠡᠷᠢᠯᠡᠬᠦ ᠪᠤᠯᠤᠨ᠎ᠠ᠃ | |