ᠲᠠᠩ ᠢ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ BDO ᠠᠵᠤ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ ᠵᠦᠢᠯᠡᠰ ᠤᠨ ᠲᠤᠬᠠᠢ ᠰᠣᠳᠣᠯᠪᠠ
ᠨᠡᠶᠢᠲᠡᠯᠡᠭᠰᠡᠨ ᠴᠠᠭ᠄
2024/7/25
     7 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ BDO ᠠᠵᠤ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠢ ᠰᠤᠳᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠤᠳᠤᠷᠢᠳᠤᠯᠭ᠎ᠠ ᠰᠦᠨ ᠬᠤᠤ᠂ ᠯᠢ ᠴᠦᠨ ᠰᠢᠶᠤᠤ᠂ ᠯᠢ ᠳ᠋ᠦᠩ᠂ ᠭᠤᠤ ᠪᠥᠸᠧ᠂ ᠯᠢ ᠾᠧ ᠫᠢᠩ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠢᠨ ᠪᠥᠬᠦ ᠪᠥᠮᠪᠥᠷᠴᠡᠭ ᠤᠨ ᠬᠠᠮᠤᠭ ᠤᠨ ᠲᠣᠮᠣ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠥᠲᠥᠭᠡᠨ ᠪᠠᠶᠢᠭᠤᠯᠤᠭᠰᠠᠨ ᠵᠡᠷᠭᠡ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠳ᠋ᠦᠩ ᠵᠢᠩ᠂ ᠵᠢᠶᠦ᠋ᠨ ᠵᠧᠩ᠂ ᠭᠤᠸᠠᠩ ᠶᠢᠨ᠂ ᠰᠠᠨ ᠸᠧᠢ᠂ ᠮᠧᠢ ᠪᠠᠩ᠂ ᠬᠤᠸᠠ ᠾᠧᠩ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠤᠰ ᠲᠤᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠵᠤ ᠠᠬᠤᠢ ᠶᠢᠨ ᠦᠷ᠎ᠡ ᠠᠰᠢᠭ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠴᠢᠳᠠᠪᠤᠷᠢᠲᠠᠨ ᠤ ᠲᠤᠯᠭᠠᠭᠤᠷᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠡ᠃      ᠲᠠᠩ ᠢ ᠬᠡᠯᠡᠭᠰᠡᠨ ᠨᠢ᠂ ᠣᠶᠢᠷ᠎ᠠ ᠶᠢᠨ ᠵᠢᠯ ᠳᠤ᠂ ᠮᠠᠨ ᠤ ᠬᠤᠲᠠ ᠭᠠᠵᠠᠷ ᠣᠷᠣᠨ ᠤ ᠪᠣᠳᠠᠲᠠᠶ ᠪᠠᠶᠢᠳᠠᠯ  ᠳᠠᠭᠠᠨ ᠰᠠᠭᠤᠷᠢᠯᠠᠨ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ BDO ᠠᠵᠤ ᠦᠢᠯᠡᠰ ᠢ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠲᠤᠯᠭᠠᠭᠤᠷᠢᠯᠠᠬᠤ ᠶᠢᠨ ᠴᠢᠬᠤᠯᠠ ᠭᠠᠷᠳᠠᠴᠠ ᠪᠠ ᠭᠤᠤᠯᠯᠠᠬᠤ ᠠᠵᠤ ᠦᠢᠯᠡᠰ ᠪᠣᠯᠭᠠᠵᠤ᠂ ᠪᠠᠯᠠ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠬᠠᠷᠢᠴᠠᠩᠭᠤᠶ ᠲᠡᠭᠦᠯᠳᠡᠷᠵᠢᠭᠰᠡᠨ᠂ ᠠᠵᠤ ᠦᠢᠯᠡᠰ ᠤᠨ ᠬᠡᠪᠴᠢᠶᠡᠨ ᠤ ᠦᠢᠯᠡᠳᠦᠯ ᠢᠯᠡᠳᠲᠡ ᠤᠨᠴᠠᠯᠢᠭᠵᠢᠭᠰᠠᠨ ᠳᠠᠪᠠᠭᠤᠯᠢᠭ ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠪᠠ᠃ ᠪᠦᠬᠦ ᠬᠤᠳᠠ ᠪᠠᠷ ᠢᠶᠠᠨ ᠬᠠᠮᠲᠤ ᠶᠢᠨ ᠲᠠᠨᠢᠯᠲᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠰᠡᠳᠬᠢᠯ ᠢᠶᠠᠨ ᠨᠢᠭᠡᠳᠭᠡᠨ ᠬᠦᠴᠦᠨ ᠢᠶᠠᠨ ᠬᠠᠮᠲᠤᠳᠬᠠᠵᠤ᠂ ︽ᠰᠠᠨᠠᠭᠠᠨ ᠳᠠᠭᠠᠨ ᠬᠦᠷᠬᠦ ᠦᠭᠡᠢ ᠪᠤᠯ ᠵᠤᠭᠰᠣᠬᠤ ᠦᠭᠡᠢ︾ ᠲᠣᠭᠲᠠᠯ ᠬᠦᠴᠦᠨ ᠢᠶᠠᠷ BDO ᠠᠵᠤ ᠦᠢᠯᠡᠰ ᠢ ᠦᠷᠭᠦᠯᠵᠢᠯᠡᠨ ᠬᠦᠴᠦᠯᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠦᠬᠠᠢ ᠶᠢᠨ BDO ᠠᠵᠤ ᠦᠢᠯᠡᠰ ᠤᠨ ᠭᠡᠷᠡᠯ ᠭᠢᠯᠪᠠᠭ᠎ᠠ ᠶᠢ ᠰᠠᠴᠤᠷᠠᠭᠤᠯᠬᠤ ᠬᠡᠷᠡᠭᠲᠡᠢ ᠭᠡᠵᠡᠢ᠃      ᠲᠠᠩ ᠢ BDO ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠤᠶᠠᠷ ᠲᠠᠯ᠎ᠠ ᠶᠢᠨ ᠪᠣᠳᠠᠲᠠᠢ ᠱᠠᠭᠠᠷᠳᠠᠯᠭ᠎ᠠ ᠳᠤᠷᠠᠳᠪᠡ᠃ BDO ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠠᠵᠤ ᠠᠬᠤᠶᠢᠯᠠᠯ ᠤᠨ ᠬᠡᠯᠬᠢᠶ᠎ᠡ ᠪᠠᠨ ᠤᠷᠲᠤᠳᠬᠠᠨ ᠬᠡᠯᠬᠢᠶ᠎ᠡ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠶᠡᠭᠡ ᠬᠦᠴᠦ ᠣᠷᠣᠭᠤᠯᠵᠤ᠂ BDO ᠠᠵᠤ ᠦᠢᠯᠡᠰ ᠤᠨ ᠳᠤᠤᠷᠠᠳᠤ ᠤᠷᠤᠰᠬᠠᠯ ᠤᠨ ᠴᠢᠭᠯᠡᠯ᠂ ᠬᠡᠷᠡᠭᠯᠡᠭᠡᠨ ᠤ ᠬᠦᠷᠢᠶ᠎ᠡ ᠶᠢ ᠨᠠᠷᠢᠨ ᠨᠢᠭᠲᠠ ᠰᠤᠳᠤᠯᠵᠤ᠂ ᠤᠯᠠᠨ ᠡᠰᠢᠴᠢᠯᠡᠭᠰᠡᠨ ᠦᠢᠯᠡᠳᠬᠦᠨ ᠢ ᠰᠤᠳᠤᠯᠤᠨ ᠨᠡᠭᠡᠭᠡᠵᠦ᠂ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠳᠠ ᠦᠭᠡᠢ ᠳᠤᠤᠷᠠᠳᠤ ᠤᠷᠤᠰᠬᠠᠯ ᠲᠡᠰᠢ ᠤᠷᠲᠤᠳᠬᠠᠵᠤ᠂ ᠦᠷᠳᠡᠭ ᠤᠨ ᠬᠡᠯᠬᠢᠶ᠎ᠡ ᠪᠠᠨ ᠳᠡᠭᠡᠳᠦ ᠲᠦᠪᠰᠢᠨ ᠲᠡᠰᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠪᠦᠯᠬᠦᠮᠳᠡᠨ ᠬᠥᠭᠵᠢᠭᠦᠯᠵᠦ᠂ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠪᠦᠷᠢᠯᠳᠦᠭᠦᠯᠵᠦ᠂ ᠰᠡᠳᠬᠢᠯ ᠢᠶᠠᠨ ᠨᠢᠭᠡᠳᠭᠡᠨ ᠬᠦᠴᠦᠨ ᠢᠶᠠᠨ ᠬᠠᠮᠲᠤᠳᠬᠠᠵᠤ᠂ ᠦᠬᠠᠶ ᠶᠢᠨ BDO ᠠᠵᠤ ᠦᠢᠯᠡᠰ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠬᠠᠮᠲᠤᠪᠠᠷ ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠠᠶᠢᠨ ᠰᠠᠶᠢᠬᠠᠨ ᠠᠵᠢᠯ ᠲᠦᠷᠦᠯ ᠤᠨ ᠠᠮᠢ ᠠᠬᠤᠢ ᠶᠢ ᠢᠳᠡᠪᠬᠢᠲᠡᠢ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢ ᠨᠠᠷᠢᠨ ᠬᠢᠨᠠᠮᠠᠭᠠᠢ ᠰᠤᠳᠤᠯᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ᠂ ᠲᠡᠷᠢᠭᠦᠨ ᠤ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ BDO ᠠᠵᠤ ᠦᠢᠯᠡᠰ ᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠠᠮᠢᠵᠢᠷᠠᠯ ᠤᠨ ᠬᠦᠴᠦᠨ ᠢ ᠨᠢ ᠦᠷᠭᠦᠯᠵᠢᠯᠡᠨ ᠬᠥᠭᠵᠢᠭᠡᠬᠦ ᠬᠡᠷᠡᠭᠲᠡᠢ᠃ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠠᠵᠢᠯᠯᠠᠭᠠᠨ ᠤ ᠲᠠᠯ᠎ᠠ ᠪᠠᠷ᠂ ᠲᠥᠪ ᠤᠨ ᠴᠢᠳᠠᠮᠵᠢ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠪᠠᠷᠢᠮᠵᠢᠶ᠎ᠠ ᠲᠣᠭᠲᠠᠭᠠᠬᠤ᠂ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ᠂ ᠠᠷᠠᠯᠵᠢᠶᠠᠨ ᠤ ᠲᠠᠪᠴᠠᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠵᠡᠷᠭᠡ ᠲᠠᠯ᠎ᠠ ᠪᠠᠷ ᠰᠢᠰᠲ᠋ᠧᠮ ᠲᠠᠢ ᠪᠣᠳᠣᠯᠬᠢᠯᠠᠵᠤ᠂ ᠨᠠᠷᠢᠨ ᠬᠢᠨᠠᠮᠠᠭᠠᠢ ᠲᠥᠯᠥᠪᠵᠢᠭᠦᠯᠵᠦ᠂ BDO ᠶᠢᠨ ᠣᠷᠣᠨ ᠨᠤᠲᠤᠭ ᠤᠨ ᠠᠵᠢᠯ ᠲᠦᠷᠦᠯ ᠤᠨ ᠪᠠᠷᠢᠮᠵᠢᠶ᠎ᠠ᠂ ᠦᠢᠯᠡᠳᠬᠦᠨ ᠢ ᠰᠢᠯᠭᠠᠨ ᠪᠠᠶᠢᠴᠠᠭᠠᠬᠤ ᠪᠠᠷᠢᠮᠵᠢᠶ᠎ᠠ ᠶᠢᠨ ᠲᠦᠷᠢᠮ ᠢ ᠲᠣᠭᠲᠠᠭᠠᠬᠤ ᠪᠠᠨ ᠲᠦᠷᠭᠡᠳᠬᠡᠵᠦ᠂ ᠲᠠᠪᠴᠠᠩ ᠤᠨ ᠦᠢᠯᠡᠳᠬᠦᠨ ᠤ ᠠᠷᠠᠯᠵᠢᠶᠠᠨ ᠤ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠡᠩ ᠰᠠᠶᠢᠲᠤᠷ ᠨᠡᠶᠢᠳᠬᠡᠵᠦ᠂ ᠰᠢᠨ᠎ᠡ ᠣᠷᠠᠨ ᠲᠠᠷᠬᠠᠯᠠᠯ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠬᠡᠷᠡᠭᠵᠢᠭᠦᠯᠵᠦ᠂ ᠮᠠᠨ ᠤ ᠬᠤᠲᠠ ᠶᠢᠨ BDO ᠠᠵᠢᠯ ᠲᠦᠷᠦᠯ ᠤᠨ ᠨᠥᠯᠥᠭᠡᠯᠡᠬᠦ ᠬᠦᠴᠦᠨ ᠪᠠ ᠦᠭᠡ ᠬᠡᠯᠡᠬᠦ ᠡᠷᠬᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯᠯᠠᠭᠠᠨ ᠤ ᠲᠣᠭᠲᠠᠴᠠ ᠪᠠᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠪᠠᠨ ᠴᠢᠩᠭᠠᠳᠬᠠᠵᠤ᠂ ᠬᠡᠷᠡᠭ ᠵᠥᠪᠯᠡᠵᠦ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠭᠠᠳᠠᠭᠠᠳᠤ ᠲᠠᠢ ᠬᠠᠮᠲᠤᠷᠠᠯᠴᠠᠬᠤ᠂ ᠳᠣᠲᠣᠭᠠᠳᠤ ᠶᠢᠨ ᠬᠠᠮᠢᠶᠠᠷᠤᠯᠲᠠ᠂ ᠮᠡᠳᠡᠭᠡ ᠵᠠᠩᠭᠢ ᠶᠢ ᠬᠢᠨᠠᠨ ᠬᠠᠷᠭᠤᠭᠤᠯᠬᠤ᠂ ᠪᠡᠯᠡ ᠮᠥᠩᠭᠦ ᠶᠢᠨ ᠢᠷᠡᠯᠲᠡ᠂ ᠵᠤᠷᠢᠭᠳᠠᠢ ᠪᠠᠷ ᠮᠠᠩᠯᠠᠶᠢᠯᠠᠬᠤ ᠵᠡᠷᠭᠡ ᠠᠵᠢᠯ ᠤᠨ ᠲᠣᠭᠲᠠᠴᠠ ᠪᠠᠨ ᠴᠢᠨᠠᠭᠰᠢᠳᠠ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠲᠥᠪ ᠤᠨ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠬᠤ ᠬᠡᠷᠡᠭᠲᠡᠢ᠃ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ BDO ᠠᠵᠢᠯ ᠲᠦᠷᠦᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠴᠤᠭᠯᠠᠭᠤᠯᠤᠨ ᠡᠮᠬᠢᠯᠡᠵᠦ᠂ BDO ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号