ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/26
     7 ᠰᠠᠷ᠎ᠠ ᠶᠢᠨ 24 ᠤ ᠡᠳᠦᠷ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠬᠤᠷᠠᠯ ᠡᠷᠭᠢᠯᠡᠪᠡ᠃ ᠬᠤᠳᠠ ᠶᠢᠨ ᠤᠳᠤᠷᠢᠳᠤᠯᠭ᠎ᠠ ᠸᠠᠩ ᠵᠢᠢ ᠫᠢᠩ᠂ ᠵᠠᠩ ᠮᠢᠩ ᠮᠢᠩ᠂ ᠭᠤᠤ ᠪᠥᠸᠧ᠂ ᠵᠠᠩ ᠶᠦᠩ ᠣᠷᠣᠯᠴᠠᠪᠠ᠃      ᠼᠦᠢ ᠵᠢᠩ ᠶᠢᠩ ᠬᠡᠯᠡᠭᠰᠡᠨ ᠨᠢ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠤᠨ᠎ᠠ᠂ ᠭᠦᠨᠵᠡᠭᠡᠢ ᠲᠥᠯᠥᠪᠵᠢᠭᠦᠯᠦᠨ ᠨᠠᠷᠢᠨ ᠪᠣᠳᠠᠲᠠᠢ ᠲᠥᠯᠥᠪᠵᠢᠭᠦᠯᠬᠦ ᠳᠡᠭᠡᠷ᠎ᠡ ᠬᠦᠴᠦ ᠲᠠᠯᠪᠢᠵᠤ᠂ ᠡᠯ᠎ᠡ ᠵᠦᠢᠯ ᠤᠨ ᠠᠵᠢᠯ ᠢᠶᠠᠨ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠪᠠᠨ ᠨᠢᠭᠡᠳᠦᠯᠲᠡᠶ ᠲᠥᠯᠥᠪᠯᠡᠨ ᠠᠬᠢᠭᠤᠯᠵᠤ᠂ ᠤᠳᠠᠯ ᠥᠬᠡᠶ ᠨᠡᠶᠢᠲᠡᠯᠡᠬᠦ ᠪᠠᠷ ᠪᠠᠶᠢᠭ᠎ᠠ ︽ᠠᠶᠢᠮᠠᠭ ᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠭᠦᠢᠴᠡᠳᠬᠡᠯ ᠲᠤᠭ᠎ᠠ︾ ᠲᠠᠢ ᠨᠠᠷᠢᠨ ᠬᠢᠨᠠᠮᠠᠭᠠᠶ ᠬᠠᠷᠢᠴᠠᠭᠤᠯᠤᠨ᠂ ᠲᠤᠳᠠᠭᠤᠳᠠᠯ ᠢᠶᠠᠨ ᠴᠠᠭ ᠲᠤᠬᠠᠶ ᠳᠤᠨᠢ ᠪᠠᠶᠢᠴᠠᠭᠠᠨ ᠨᠥᠬᠦᠪᠥᠷᠢᠯᠡᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ᠦᠨᠡᠨᠴᠢ ᠢᠲᠡᠭᠡᠮᠵᠶ ᠶᠢ ᠡᠷᠭᠢᠮᠯᠡᠬᠦ᠂ ᠦᠨᠡᠨᠴᠢ ᠢᠲᠡᠭᠡᠮᠵᠢ ᠶᠢ ᠰᠠᠭᠢᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠬᠠᠮᠠᠭᠠᠯᠠᠵᠤ᠂ ︽ᠦᠨᠡᠨᠴᠢ ᠢᠳᠡᠭᠡᠮᠵᠢᠲᠤ ᠦᠬᠠᠢ︾ ᠭᠡᠬᠦ ᠠᠯᠲᠠᠨ ᠦᠰᠦᠭᠲᠦ ᠫᠠᠶᠢᠰᠠ ᠶᠢ ᠨᠠᠩ ᠢᠯᠡ ᠲᠣᠳᠣ ᠪᠣᠯᠭᠠᠵᠤ᠂ ᠨᠠᠩ ᠬᠤᠯᠠ ᠳᠠᠮᠵᠢᠭᠤᠯᠬᠤ ᠬᠡᠷᠡᠭᠲᠡᠶ ᠭᠡᠵᠡᠢ᠃      ᠼᠦᠢ ᠵᠢᠩ ᠶᠢᠩ ᠬᠡᠯᠡᠭᠰᠡᠨ ᠨᠢ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠪᠣᠯ ᠠᠵᠤ ᠠᠬᠤᠢ ᠶᠢᠨ ᠬᠥᠭᠵᠢᠯᠲᠡ ᠶᠢᠨ ︽ᠡᠬᠢ ᠪᠤᠯᠠᠭ︾ ᠮᠥᠨ᠂ ᠬᠤᠳᠠ ᠶᠢᠨ ᠬᠥᠭᠵᠢᠯᠲᠡ ᠶᠢᠨ ︽ᠬᠦᠴᠦᠲᠦ ᠬᠥᠳᠡᠯᠭᠡᠭᠦᠷ︾ ᠮᠥᠨ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠨᠡᠨᠬᠦ ᠴᠢᠬᠤᠯᠠᠴᠢᠯᠠᠵᠤ᠂ ᠦᠨᠡᠨᠬᠦ ᠰᠤᠳᠤᠯᠵᠤ᠂ ᠦᠨᠡᠨᠬᠦ ᠣᠷᠣᠭᠤᠯᠵᠣ᠂ ᠬᠤᠳᠠᠯᠳᠣᠭᠠᠴᠢᠨ ᠤᠷᠢᠬᠤ ᠠᠵᠢᠯ ᠤᠨ ᠶᠠᠰᠤ ᠴᠢᠨᠠᠷ ᠦᠷ᠎ᠡ ᠠᠰᠢᠭ ᠢᠶᠠᠨ ᠴᠢᠨᠠᠭᠰᠢᠳᠠ ᠳᠡᠭᠡᠭᠰᠢᠯᠡᠭᠦᠯᠵᠦ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠰᠢᠨ᠎ᠡ ᠦᠷ᠎ᠡ ᠪᠦᠲᠦᠮᠵᠢ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠠᠪᠠᠭᠤᠯᠢᠭ ᠢᠶᠠᠨ ᠪᠠᠲᠤᠳᠬᠠᠬᠤ ᠬᠡᠷᠡᠭᠲᠡᠢ᠃ ᠬᠠᠳᠠᠭᠠᠯᠠᠯᠲᠠ ᠶᠢᠨ ᠬᠡᠮᠵᠢᠶ᠎ᠡ ᠶᠢ ᠠᠭᠤᠳᠠᠯᠵᠤ᠂ ᠦᠯᠡᠳᠡᠭᠡᠯ ᠲᠥᠷᠥᠯ ᠵᠦᠢᠯ ᠢ ᠴᠢᠩᠭ᠎ᠠ ᠠᠩᠬᠠᠷᠴᠤ ᠪᠠᠯᠠ ᠣᠷᠣᠭᠤᠯᠤᠯᠲᠠ ᠶᠢ ᠠᠬᠢᠭᠤᠯᠵᠤ᠂ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ︔ ᠨᠡᠮᠡᠭᠳᠡᠯ ᠤᠨ ᠬᠡᠮᠵᠢᠶ᠎ᠡ ᠪᠠᠨ ᠥᠷᠭᠡᠳᠬᠡᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ᠮᠠᠨ ᠤ ᠬᠤᠲᠠ ᠶᠢᠨ ᠭᠤᠤᠯᠯᠠᠬᠤ ᠠᠵᠤ ᠦᠢᠯᠡᠰ ᠤᠨ ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ ᠭᠠᠳᠠᠭᠰᠢ ᠭᠠᠷᠴᠤ᠂ ᠣᠷᠣᠭᠤᠯᠣᠨ ᠠᠪᠴᠢᠷᠠᠵᠤ᠂ ᠠᠵᠤ ᠦᠢᠯᠡᠰ ᠤᠨ ᠬᠤᠯᠪᠣᠭᠳᠠᠬᠤ ᠬᠡᠮᠵᠢᠶ᠎ᠡ ᠪᠠᠷ ᠶᠡᠭᠡ᠂ ᠠᠵᠤ ᠦᠢᠯᠡᠰ ᠤᠨ ᠬᠡᠯᠬᠢᠶ᠎ᠡ ᠪᠠᠷ ᠣᠷᠳᠣ᠂ ᠨᠡᠮᠡᠯᠲᠡ ᠦᠷᠳᠡᠭ ᠢᠶᠠᠷ ᠥᠨᠳᠥᠷ᠂ ᠠᠵᠤ ᠠᠬᠤᠢ ᠶᠢᠨ ᠦᠷ᠎ᠡ ᠠᠰᠢᠭ ᠢᠶᠠᠷ ᠰᠠᠶᠢᠨ ᠳᠠᠪᠠᠭᠤᠯᠢᠭ ᠲᠥᠷᠥᠯ ᠵᠦᠢᠯ ᠪᠠ ᠳᠡᠭᠡᠳᠦ ᠳᠤᠮᠳᠠ ᠳᠣᠤᠷᠠᠳᠤ ᠤᠷᠤᠰᠬᠠᠯ ᠤᠨ ᠢᠵᠢ ᠪᠥᠷᠢᠳᠦᠭᠰᠡᠨ ᠠᠵᠤ ᠠᠬᠤᠶᠢᠯᠠᠯ ᠢ ᠬᠦᠴᠦᠯᠡᠨ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠲᠥᠪᠯᠡᠷᠡᠯ ᠤᠨ ᠦᠢᠯᠡᠳᠦᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ᠃ ᠦᠢᠯᠡᠴᠢᠯᠡᠭᠡ ᠪᠠᠨ ᠰᠢᠯᠢᠳᠡᠭᠵᠢᠭᠦᠯᠵᠦ᠂ ᠬᠠᠲᠠᠭᠤ ᠠᠷᠭ᠎ᠠ᠂ ᠪᠣᠳᠠᠲᠠᠢ ᠠᠷᠭ᠎ᠠ᠂ ᠬᠥᠮᠥᠰ ᠤᠨ ᠰᠡᠳᠬᠢᠯ ᠢ ᠳᠤᠯᠠᠭᠠᠴᠠᠭᠤᠯᠬᠤ ᠠᠷᠭ᠎ᠠ ᠶᠢ ᠬᠡᠷᠡᠭᠯᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠡᠯᠧᠮᠧᠨ᠋ᠲ ᠤᠨ ᠪᠠᠲᠤᠯᠠᠭ᠎ᠠ᠂ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠵᠡᠷᠭᠡ ᠲᠠᠯ᠎ᠠ ᠶᠢᠨ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠢ ᠣᠷᠣᠭᠤᠯᠤᠨ ᠠᠪᠴᠢᠷᠠᠬᠤ᠂ ᠨᠠᠶᠢᠳᠠᠪᠤᠷᠢᠵᠢᠭᠤᠯᠵᠤ ᠳᠡᠶᠢᠯᠬᠦ᠂ ᠰᠠᠶᠢᠲᠤᠷ ᠬᠥᠭᠵᠢᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠼᠦᠢ ᠵᠢᠩ ᠶᠢᠩ ᠬᠡᠯᠡᠭᠰᠡᠨ ᠨᠢ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢᠶᠠᠨ ᠰᠢᠯᠢᠳᠡᠭᠵᠢᠭᠦᠯᠬᠦ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠷᠳᠤ ᠬᠤᠭᠤᠴᠠᠭᠠᠨ ᠤ ᠠᠷᠭ᠎ᠠ ᠪᠤᠳᠤᠯᠭ᠎ᠠ ᠪᠣᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢᠶᠠᠨ ᠰᠢᠯᠢᠳᠡᠭᠵᠢᠭᠦᠯᠬᠦ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ᠂ ᠡᠯᠧᠮᠧᠨ᠋ᠲ ᠤᠨ ᠪᠠᠲᠤᠯᠠᠭ᠎ᠠ ᠶᠢᠨ ᠣᠷᠴᠢᠨ ᠲᠣᠭᠤᠷᠢᠨ᠂ ᠬᠠᠤᠯᠢᠵᠢᠭᠰᠠᠨ ᠬᠢᠨᠠᠯᠲᠠ ᠬᠠᠮᠢᠶᠠᠷᠤᠯᠲᠠ ᠶᠢᠨ ᠣᠷᠴᠢᠨ ᠲᠣᠭᠤᠷᠢᠨ᠂ ᠰᠢᠨ᠎ᠡ ᠶᠢ ᠡᠭᠦᠳᠦᠨ ᠦᠢᠯᠡᠰ ᠪᠤᠰᠬᠠᠬᠤ ᠣᠷᠴᠢᠨ ᠲᠣᠭᠤᠷᠢᠨ ᠵᠡᠷᠭᠡ ᠲᠦᠷᠪᠡᠨ ᠲᠠᠯ᠎ᠠ ᠶᠢᠨ ᠣᠷᠴᠢᠨ ᠲᠣᠭᠤᠷᠢᠨ ᠳᠤ ᠳᠠᠪᠠᠭᠤᠯᠢᠭ ᠭᠦᠢᠴᠡᠳᠬᠡᠯ ᠲᠤᠭ᠎ᠠ ᠪᠠᠨ ᠦᠷᠭᠦᠯᠵᠢᠯᠡᠨ ᠪᠠᠬᠢᠵᠢᠭᠦᠯᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠼᠦᠢ ᠵᠢᠩ ᠶᠢᠩ ᠬᠡᠯᠡᠭᠰᠡᠨ ᠨᠢ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠬᠥᠭᠵᠢᠯᠲᠡ ᠶᠢ ᠲᠦᠷᠭᠡᠳᠬᠡᠬᠦ ᠭᠤᠣᠯ ᠭᠠᠷᠳᠠᠴᠠ ᠮᠥᠨ᠂ ᠭᠤᠣᠯᠳᠠᠯᠭ᠎ᠠ ᠲᠠᠢ ᠲᠦᠷᠦᠯ ᠵᠦᠢᠯ ᠪᠣᠯ ᠠᠵᠤ ᠠᠬᠤᠢ ᠶᠢᠨ ᠬᠥᠭᠵᠢᠯᠲᠡ ᠶᠢᠨ ︽ᠰᠠᠭᠤᠷᠢ ᠴᠢᠯᠠᠭᠤ︾ ᠮᠥᠨ᠃ ᠨᠢᠭᠡᠨᠲᠡ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠠᠬᠢᠴᠠ ᠶᠢ  ᠨᠢ ᠠᠳᠬᠤᠵᠤ᠂ ᠠᠵᠢᠯ ᠡᠬᠢᠯᠡᠭᠦᠯᠦᠭᠡᠳᠦᠶ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠨᠢ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠦᠢᠯᠡᠴᠢᠯᠡᠭᠡᠨ ᠤ ᠪᠠᠲᠤᠯᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠬᠦᠴᠦᠨ᠂ ᠡᠬᠢ ᠪᠠᠶᠠᠯᠢᠭ ᠤᠨ ᠡᠯᠧᠮᠧᠨ᠋ᠲ ᠢᠶᠠᠨ ᠤᠷᠢᠳᠠᠪᠠᠷ ᠲᠥᠷᠥᠯ ᠵᠦᠢᠯ ᠳᠠᠰᠢ ᠲᠥᠪᠯᠡᠷᠡᠭᠦᠯᠵᠦ᠂ ᠠᠵᠤ ᠠᠬᠤᠶᠢᠯᠠᠯ ᠳᠤ ᠣᠶᠢᠷᠠᠲᠤᠭᠤᠯᠵᠤ᠂ ᠲᠥᠷᠥᠯ ᠵᠦᠢᠯ ᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠰᠢᠨ᠎ᠡ ᠲᠥᠷᠥᠯ ᠵᠦᠢᠯ ᠤᠨ ᠲᠣᠭᠤᠷᠢᠨ ᠳᠤ ᠨᠥᠭᠡᠴᠡ ᠶᠢ ᠠᠳᠬᠤᠵᠤ᠂ 2025 ᠣᠨ ᠤ ᠲᠥᠷᠥᠯ ᠵᠦᠢᠯ ᠤᠨ ᠪᠠᠶᠢᠳᠠᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠤᠷᠢᠳᠴᠢᠯᠠᠨ ᠲᠥᠯᠥᠪᠯᠡᠵᠦ᠂ ᠨᠡᠪᠲᠡᠷᠡᠯᠴᠡᠨ ᠵᠣᠯᠭᠠᠭᠤᠯᠬᠤ ᠪᠠᠨ ᠴᠢᠩᠭᠠᠳᠬᠠᠵᠤ᠂ ᠢᠳᠡᠪᠬᠢᠲᠡᠢ ᠳᠡᠮᠵᠢᠯᠭᠡ ᠣᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号