ᠬᠤᠳᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 9 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/7/26
     7 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 9 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠣᠵᠦ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠠᠷᠪᠠᠨ ᠲᠠᠪᠤᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠲᠡᠭᠡᠷᠡᠭᠢ ᠴᠢᠬᠤᠯᠠ ᠶᠠᠷᠢᠶ᠎ᠠ ᠵᠡᠷᠭᠡ ᠠᠭᠤᠯᠭ᠎ᠠ ᠶᠢ ᠲᠠᠬᠢᠨ ᠰᠤᠷᠤᠯᠴᠠᠵᠤ᠂ ᠲᠠᠬᠢᠨ ᠣᠶᠢᠯᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠶᠢ ᠠᠬᠢᠭᠤᠯᠬᠤ ᠰᠢᠰᠲ᠋ᠧᠮᠲᠦ ᠰᠡᠳᠬᠢᠬᠦᠢ ᠪᠠ ᠰᠢᠨᠵᠢᠯᠡᠬᠦ ᠤᠬᠠᠭᠠᠨᠴᠢ ᠠᠷᠭ᠎ᠠ ᠶᠢᠨ ᠲᠤᠬᠠᠢ ᠲᠠᠨᠢᠯᠲᠠ ᠪᠠ ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠨᠡᠩ ᠰᠠᠶᠢᠲᠤᠷ ᠠᠬᠢᠭᠤᠯᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠯᠢ ᠠᠩ᠂ ᠸᠠᠩ ᠶᠦᠨ ᠾᠧᠩ᠂ ᠶᠠᠨ ᠱᠤᠸᠠᠩ᠂ ᠸᠠᠩ ᠵᠢᠢ ᠫᠢᠩ᠂ ᠵᠠᠩ ᠶᠦᠩ ᠵᠡᠷᠭᠡ 5 ᠨᠥᠬᠦᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠨᠥᠬᠦᠳ ᠪᠢᠴᠢᠭ ᠤᠨ ᠬᠡᠯᠪᠡᠷᠢ ᠪᠠᠷ ᠰᠠᠨᠠᠯ ᠢᠶᠠᠨ ᠰᠣᠯᠢᠯᠴᠠᠪᠠ᠃      ᠲᠠᠩ ᠢ ᠬᠡᠯᠡᠭᠰᠡᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠪᠠᠨ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ  ᠣᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠨᠠᠷᠢᠨ ᠬᠢᠨᠠᠮᠠᠭᠠᠢ ᠰᠤᠷᠤᠯᠴᠠᠵᠤ᠂ ᠵᠣᠷᠢᠭ ᠰᠠᠨᠠᠭ᠎ᠠ ᠶᠢ ᠨᠢ ᠨᠡᠪᠲᠡᠷᠡᠲᠡᠯ᠎ᠡ ᠣᠶᠢᠯᠠᠭᠠᠵᠤ᠂ ᠯᠣᠭᠢᠭ ᠢᠶᠠᠨ ᠲᠣᠳᠣᠷᠬᠠᠢ ᠪᠣᠯᠭᠠᠵᠤ᠂ ᠦᠬᠠᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠶᠢᠨ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠨᠠᠮ ᠢ ᠬᠠᠮᠢᠶᠠᠷᠴᠤ ᠨᠠᠮ ᠢ ᠵᠠᠰᠠᠬᠤ ᠡᠯ᠎ᠡ ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠡᠢ᠃      ᠲᠠᠩ ᠢ ᠬᠡᠯᠡᠭᠰᠡᠨ ᠨᠢ᠂ ᠲᠣᠭᠲᠠᠯ ᠬᠦᠴᠦᠨ ᠢᠶᠠᠨ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠵᠦ᠂ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ᠂ ᠥᠨᠢᠳᠡ ᠶᠢᠨ ᠰᠡᠳᠦᠪ ᠪᠣᠯᠭᠠᠵᠤ᠂ ᠴᠥᠬᠦᠷᠡᠰᠢ ᠦᠭᠡᠢ ᠠᠳᠬᠤᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠢ ᠨᠡᠩ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦᠯᠬᠦ ᠪᠠᠷ ᠨᠡᠩ ᠰᠠᠶᠢᠲᠤᠷ ᠪᠦᠯᠬᠦᠮᠳᠡᠭᠦᠯᠦᠨ ᠳᠠᠭᠠᠭᠤᠯᠵᠤ᠂ ᠪᠦᠬᠦ ᠬᠤᠳᠠ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠵᠦ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠪᠦᠬᠦ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠰᠠᠶᠢᠲᠤᠷ ᠠᠳᠬᠤᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠪᠡᠶᠡᠯᠡᠭᠦᠯᠬᠦ ᠬᠡᠷᠡᠭᠲᠡᠢ᠃ ᠤᠨᠢᠨ ᠳᠡᠭᠡᠷ᠎ᠡ ᠨᠢ ᠬᠦᠴᠦᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠥᠯᠥᠭᠡᠯᠡᠵᠦ ᠪᠠᠶᠢᠭ᠎ᠠ ᠲᠤᠪᠤᠶᠢᠮ᠎ᠠ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠬᠦ ᠬᠡᠷᠡᠭᠲᠡᠢ᠃ ᠲᠦᠷᠢᠮ ᠤᠨ ᠰᠢᠰᠲ᠋ᠧᠮ ᠢ ᠴᠢᠩᠳᠠᠯᠠᠵᠤ᠂ ᠦᠨᠳᠦᠰᠦ ᠰᠤᠷᠪᠤᠯᠵᠢ ᠠᠴᠠ ᠨᠢ ᠠᠯᠳᠠᠰᠢ ᠭᠠᠷᠬᠤ ᠶᠢ ᠦᠨᠡᠨ ᠬᠦ ᠬᠤᠷᠢᠭᠯᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠨᠠᠮ ᠤᠨ ᠭᠡᠰᠢᠭᠦᠨ ᠺᠠᠳ᠋ᠷᠴᠤᠳ ᠲᠤ ᠵᠣᠬᠢᠶᠠᠨ ᠪᠠᠶᠢᠭᠤᠯᠤᠯᠲᠠ ᠶᠠᠭ ᠳᠡᠷᠭᠡᠳᠡ ᠨᠢ ᠪᠠᠶᠢᠵᠤ᠂ ᠬᠢᠨᠠᠯᠲᠠ ᠲᠠᠯᠪᠢᠬᠤ ᠶᠠᠪᠤᠳᠠᠯ ᠨᠢᠳᠦᠨ ᠡᠮᠦᠨ᠎ᠡ ᠨᠢ ᠪᠠᠶᠢᠬᠤ ᠶᠢ ᠴᠠᠭ ᠢᠮᠠᠭᠲᠠ ᠮᠡᠳᠡᠷᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠬᠠᠮᠢᠶᠠᠷᠴᠤ᠂ ᠡᠷᠬᠡ ᠲᠦᠪᠯᠡᠷᠡᠭᠰᠡᠨ᠂ ᠪᠡᠯᠡ ᠮᠥᠩᠭᠦ ᠨᠢᠭᠳᠠᠷᠠᠭᠰᠠᠨ᠂ ᠡᠬᠢ ᠪᠠᠶᠠᠯᠢᠭ ᠡᠯᠪᠡᠭ ᠳᠡᠯᠪᠡᠭ ᠪᠠᠶᠢᠬᠤ ᠭᠤᠣᠯᠳᠠᠯᠭ᠎ᠠ ᠲᠠᠢ ᠰᠠᠯᠠᠭ᠎ᠠ ᠮᠥᠴᠢᠷ ᠨᠢᠭᠡᠴᠡ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠲᠠᠰᠤᠷᠠᠯᠲᠠ ᠦᠭᠡᠢ ᠬᠠᠳᠠᠭᠠᠯᠠᠬᠤ ᠬᠡᠷᠡᠭᠲᠡᠢ᠃ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠳᠬᠤᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠨᠢᠭᠡᠴᠡ ᠶᠢᠨ ︽ᠨᠢᠭᠡᠳᠦᠭᠡᠷ ᠬᠠᠷᠢᠭᠤᠴᠠᠯᠭᠠᠳᠠᠨ︾ ᠤ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠬᠡᠷᠡᠭᠵᠢᠭᠦᠯᠬᠦ ᠶᠢ ᠱᠠᠯᠠᠪᠳᠠᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠡᠷᠬᠡ ᠶᠢ ᠦᠨᠡᠨᠬᠦ ᠲᠦᠷᠢᠮ ᠤᠨ ᠰᠢᠩᠭᠡᠯᠢᠭ ᠲᠤ ᠬᠤᠷᠢᠬᠤ ᠬᠡᠷᠡᠭᠲᠡᠢ᠃ ᠦᠷᠭᠦᠯᠵᠢᠯᠡᠨ ᠬᠦᠴᠦᠯᠡᠵᠦ᠂ ᠪᠡᠶ᠎ᠡ ᠪᠠᠷ ᠢᠶᠠᠨ ᠬᠡᠪ ᠲᠦᠷᠢᠮ ᠪᠤᠯᠵᠤ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠲᠦᠷᠦᠭᠦᠯᠡᠨ ᠭᠦᠢᠴᠡᠳᠬᠡᠵᠦ᠂ ᠦᠨᠡᠨ ᠬᠦ ᠠᠳᠬᠤᠨ ᠴᠢᠩᠭ᠎ᠠ ᠬᠠᠮᠢᠶᠠᠷᠴᠤ᠂ ᠺᠠᠳ᠋ᠷ ᠤᠨ ᠰᠠᠶᠢᠨ ᠰᠤᠷᠲᠠᠯ᠂ ᠰᠠᠶᠢᠨ ᠲᠦᠷᠢ ᠲᠥᠷᠬᠦ᠂ ᠰᠠᠶᠢᠨ ᠪᠠᠶᠢᠳᠠᠯ ᠲᠠᠢ ᠪᠤᠯᠭᠠᠨ ᠬᠠᠮᠢᠶᠠᠷᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠦᠷᠦᠭᠦᠯᠡᠨ ᠲᠥᠪ ᠴᠢᠩᠭ᠎ᠠ ᠪᠣᠯᠭᠠᠵᠤ᠂ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠪᠬᠤᠷᠳᠠᠮᠠᠯ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠶᠢᠲᠤᠷ ᠵᠤᠬᠢᠶᠠᠨ ᠪᠠᠶᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠲᠠᠶᠢᠴᠢᠯᠠᠨ ᠲᠥᠪ ᠴᠢᠩᠭ᠎ᠠ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠳᠤᠮᠳᠠ ᠨᠠᠮᠴᠢ ᠴᠢᠨᠠᠷ ᠤᠨ ᠪᠣᠯᠪᠠᠰᠤᠷᠠᠯ ᠢ ᠨᠢ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ ᠶᠢᠨ ᠴᠢᠳᠠᠪᠤᠷᠢ ᠢ ᠨᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠲᠦᠷᠦᠭᠦᠯᠡᠨ ᠵᠢᠷᠤᠮᠯᠠᠵᠤ᠂ ᠢᠳᠡᠪᠬᠢᠲᠡᠢ ᠡᠷᠡᠭᠦᠯ ᠴᠢᠭᠢᠷᠠᠭ᠂ ᠠᠵᠢᠯ ᠬᠢᠵᠦ ᠦᠢᠯᠡᠰ ᠪᠤᠰᠬᠠᠬᠤ ᠤᠯᠤᠰ ᠲᠦᠷᠦ ᠶᠢᠨ ᠠᠮᠢ ᠠᠬᠤᠢ ᠪᠣᠯᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠶᠢ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠲᠠᠢ ᠨᠡᠪᠲᠡᠷᠡᠭᠦᠯᠵᠦ᠂ ᠦᠷᠭᠦᠯᠵᠢᠯᠡᠨ ᠴᠢᠩᠭ᠎ᠠ ᠪᠦᠭᠡᠳ ᠪᠣᠳᠠᠲᠠᠢ ᠠᠳᠬᠤᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号