ᠬᠠᠶᠢᠨᠠᠨ ᠲᠣᠭᠤᠷᠢᠭ ᠭᠤᠴᠢᠳᠤᠭᠠᠷ ᠬᠤᠭᠤᠴᠠᠭᠠᠨ ᠤ ᠠᠭᠤᠳᠠᠮ ᠲᠠᠯᠠᠪᠠᠢ ᠶᠢᠨ ᠰᠣᠶᠣᠯ ᠤᠷᠠᠯᠢᠭ ᠤᠨ ᠨᠠᠶᠢᠷ ᠡᠷᠬᠢᠯᠡᠪᠡ
ᠨᠡᠶᠢᠲᠡᠯᠡᠭᠰᠡᠨ ᠴᠠᠭ᠄
2024/7/29
     7 ᠰᠠᠷ᠎ᠠ ᠶᠢᠨ 26 ᠤ ᠡᠳᠦᠷ ᠤᠨ ᠤᠷᠤᠢ᠂ ︽ᠤᠮᠠᠷᠠᠳᠤ ᠣᠷᠣᠨ ᠤ ᠬᠠᠶᠢᠨᠠᠨ ᠳᠤ ᠪᠤᠯᠵᠤᠶ᠎ᠠ· ᠤᠮᠠᠷᠠᠲᠤ ᠬᠢᠯᠢ ᠶᠢᠨ ᠰᠤᠶᠤᠯ ᠢ ᠪᠠᠳᠠᠷᠠᠭᠤᠯᠤᠶ᠎ᠠ︾ ᠬᠠᠶᠢᠨᠠᠨ ᠲᠤᠭᠤᠷᠢᠭ ᠤᠨ ᠭᠤᠴᠢᠳᠤᠭᠠᠷ ᠬᠤᠭᠤᠴᠠᠭᠠᠨ ᠤ ᠰᠤᠶᠤᠯ ᠤᠷᠠᠯᠢᠭ ᠤᠨ ᠨᠠᠶᠢᠷ ᠬᠠᠶᠢᠨᠠᠨ ᠲᠤᠭᠤᠷᠢᠭ ᠤᠨ ᠠᠷᠠᠳ ᠤᠨ ᠲᠠᠯᠠᠪᠠᠢ ᠳᠤ ᠡᠬᠢᠯᠡᠪᠡ᠃      ᠲᠤᠰ ᠬᠤᠭᠤᠴᠠᠭᠠᠨ ᠤ ᠠᠭᠤᠳᠠᠮ ᠲᠠᠯᠠᠪᠠᠢ ᠶᠢᠨ ᠰᠣᠶᠣᠯ ᠤᠷᠠᠯᠢᠭ ᠤᠨ ᠨᠠᠶᠢᠷ ᠨᠢ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠶᠢᠨᠠᠨ ᠲᠣᠭᠤᠷᠢᠭ ᠤᠨ ᠰᠣᠶᠣᠯ ᠤᠨ ᠣᠷᠳᠣᠨ ᠤ ᠲᠤᠰᠬᠠᠢ ᠲᠣᠭᠯᠠᠯᠲᠠ ᠳᠤᠮᠳᠠ ᠡᠬᠢᠯᠡᠪᠡ᠃ ︽ᠤᠯᠠᠭᠠᠨ ᠲᠤᠭ ᠨᠠᠮᠢᠷᠠᠨ᠎ᠠ︾ ︽ᠨᠤᠲᠤᠭ ᠤᠨ ᠳᠠᠭᠤᠤ ᠪᠠᠨ ᠨᠠᠮ ᠳᠠᠭᠠᠨ ᠡᠷᠭᠦᠶ᠎ᠡ︾ ︽ᠡᠶ᠎ᠡ ᠵᠣᠬᠢᠴᠠᠩᠭᠤᠶ ᠶᠡᠭᠡ ᠬᠡᠷ ᠪᠦᠯᠢ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠲᠠᠰ ᠳᠠᠷᠠᠭᠠᠯᠠᠨ ᠲᠣᠭᠯᠠᠪᠠ᠃ ᠲᠤᠰᠬᠠᠢ ᠲᠣᠭᠯᠠᠯᠲᠠ ᠨᠢ ᠰᠦᠷ ᠳᠠᠯᠠᠶᠢᠴᠠᠲᠠᠢ ᠶᠠᠪᠤᠭᠳᠠᠵᠤ᠂ ᠲᠣᠭᠯᠠᠯᠲᠠ ᠨᠢ ᠠᠮᠢᠳᠤᠷᠠᠯ ᠳᠤ ᠣᠶᠢᠷᠠᠳᠴᠤ᠂ ᠤᠯᠠᠨ ᠲᠦᠮᠡᠨ ᠲᠠᠢ ᠤᠢᠢᠷᠠᠳᠴᠤ᠂ ᠬᠠᠶᠢᠨᠠᠨ ᠲᠣᠭᠤᠷᠢᠭ ᠤᠨ ᠠᠷᠠᠳ ᠲᠦᠮᠡᠨ ᠤ ᠲᠡᠮᠡᠴᠡᠯ ᠤᠨ ᠵᠣᠷᠢᠭ ᠪᠠᠳᠠᠷᠠᠩᠭᠤᠢ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ᠂ ᠥᠷᠨᠢᠭᠦᠨ ᠪᠠᠳᠠᠷᠠᠩᠭᠤᠢ ᠥᠭᠡᠳᠡᠯᠡᠨ ᠲᠠᠪᠰᠢᠬᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠬᠠᠶᠢᠨᠠᠨ ᠲᠣᠭᠤᠷᠢᠭ ᠤᠨ 2024 ᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠰᠠᠶᠢᠰᠢᠶᠠᠪᠠ᠃ ᠲᠣᠰ ᠬᠤᠭᠤᠴᠠᠭᠠᠨ ᠤ ᠠᠭᠤᠳᠠᠮ ᠲᠠᠯᠠᠪᠠᠶ ᠶᠢᠨ ᠰᠣᠶᠣᠯ ᠤᠷᠠᠯᠢᠭ ᠤᠨ ᠨᠠᠶᠢᠷ ᠨᠢ 7 ᠰᠠᠷ᠎ᠠ ᠶᠢᠨ 26 ᠤ ᠡᠳᠦᠷ ᠠᠴᠠ ᠡᠬᠢᠯᠡᠨ 7 ᠰᠠᠷ᠎ᠠ ᠶᠢᠨ 29 ᠤ ᠡᠳᠦᠷ ᠪᠣᠯᠲᠠᠯ᠎ᠠ ᠶᠠᠪᠤᠭᠳᠠᠵᠤ᠂ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠶᠢᠨᠠᠨ ᠲᠣᠭᠤᠷᠢᠭ ᠤᠨ ᠰᠣᠶᠣᠯ ᠤᠨ ᠣᠷᠳᠣᠨ ᠤ ᠲᠤᠰᠬᠠᠶ ᠲᠠᠯᠠᠪᠤᠷ ᠪᠠ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠤᠰᠬᠠᠶ ᠲᠠᠯᠠᠪᠤᠷ᠂ ᠪᠠᠯᠭᠠᠰᠤ ︵ᠵᠡᠭᠡᠯᠢ ᠭᠤᠳᠤᠮᠵᠢ︶ ᠶᠢᠨ ᠲᠤᠰᠬᠠᠶ ᠲᠠᠯᠠᠪᠤᠷ᠂ ᠬᠥᠭᠵᠢᠮ ᠤᠨ ᠠᠩᠭᠢ ᠶᠢᠨ ᠲᠤᠰᠬᠠᠶ ᠲᠠᠯᠠᠪᠤᠷ ᠵᠡᠷᠭᠡ 4 ᠲᠤᠰᠬᠠᠶ ᠲᠠᠯᠠᠪᠤᠷ ᠲᠤᠭᠢᠷᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号