2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠲᠠᠶᠢᠰᠠ ᠶᠢ ᠪᠠᠶᠢᠭᠤᠯᠵᠤ ᠡᠬᠢᠯᠡᠪᠡ
ᠨᠡᠶᠢᠲᠡᠯᠡᠭᠰᠡᠨ ᠴᠠᠭ᠄
2024/7/29
     ︽ᠤᠮᠠᠷᠠᠲᠤ ᠬᠢᠯᠢ ᠪᠠᠨ ᠮᠠᠭᠲᠠᠨ ᠳᠠᠭᠤᠯᠠᠶ᠎ᠠ︾ 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ 8 ᠰᠠᠷ᠎ᠠ ᠶᠢᠨ 7 ᠤ ᠡᠳᠦᠷ ᠠᠴᠠ 11 ᠤ ᠡᠳᠦᠷ ᠪᠣᠯᠲᠠᠯ᠎ᠠ ᠮᠠᠨ ᠤ ᠬᠤᠲᠠ ᠳᠤ ᠶᠠᠪᠤᠭᠳᠠᠨ᠎ᠠ᠃ ᠣᠳᠣᠬᠠᠨ ᠳᠤ᠂ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠲᠠᠶᠢᠰᠠ  ᠶᠢ ᠶᠠᠭ ᠡᠮᠬᠢ ᠵᠢᠷᠤᠮ ᠲᠠᠢ ᠪᠠᠶᠢᠭᠤᠯᠵᠤ ᠪᠠᠶᠢᠨ᠎ᠠ᠃      7 ᠰᠠᠷ᠎ᠠ ᠶᠢᠨ 27 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠲᠠᠶᠢᠰᠠ ᠶᠢ ᠪᠠᠶᠢᠭᠤᠯᠵᠤ ᠪᠠᠶᠢᠭ᠎ᠠ ᠲᠤᠬᠠᠢ ᠶᠢᠨ ᠲᠠᠯᠠᠪᠠᠢ ᠳᠤ ᠠᠵᠢᠯᠴᠢᠳ ᠶᠠᠭ ᠡᠮᠬᠢ ᠵᠢᠷᠤᠮ ᠲᠠᠢ ᠠᠵᠢᠯᠯᠠᠵᠤ᠂ ᠵᠠᠷᠢᠮ ᠨᠢ ᠪᠣᠳᠠᠰ ᠮᠠᠲ᠋ᠧᠷᠢᠶᠠᠯ ᠵᠥᠭᠡᠭᠡᠪᠦᠷᠢᠯᠡᠵᠦ᠂ ᠵᠠᠷᠢᠮ ᠨᠢ ᠪᠣᠯᠣᠳ ᠵᠢᠶᠠᠰᠠ ᠪᠤᠰᠬᠠᠵᠤ᠂ ᠵᠠᠷᠢᠮ ᠨᠢ ᠪᠠᠬᠢᠯᠡᠵᠦ ᠪᠠᠶᠢᠬᠤ ᠶᠢ ᠣᠯᠵᠤ ᠬᠠᠷᠠᠪᠠ᠃ ᠲᠤᠬᠠᠢ ᠶᠢᠨ ᠲᠠᠯᠠᠪᠠᠢ ᠳᠤ ᠶᠠᠭᠠᠷᠠᠯᠲᠠᠢ ᠪᠠᠶᠢᠳᠠᠯ ᠢᠯᠡᠷᠡᠪᠡ᠃      ︽ᠣᠳᠣᠬᠠᠨ ᠳᠤ ᠪᠢᠳᠡ ᠶᠠᠭ ᠲᠠᠶᠢᠰᠠᠨ ᠤ ᠭᠤᠣᠯ ᠴᠣᠭᠴᠠ ᠶᠢ ᠪᠠᠶᠢᠭᠤᠯᠵᠤ ᠪᠠᠶᠢᠨ᠎ᠠ᠂ ᠵᠢᠱᠢᠯᠲᠡ ᠪᠠᠷ 7 ᠰᠠᠷ᠎ᠠ ᠶᠢᠨ 31 ᠤ ᠡᠳᠦᠷ ᠪᠠᠶᠢᠭᠤᠯᠵᠤ ᠳᠠᠭᠤᠰᠬᠠᠨ᠎ᠠ᠂ 8 ᠰᠠᠷ᠎ᠠ ᠶᠢᠨ 2 ᠤᠨ ᠡᠳᠦᠷ ᠠᠴᠠ ᠡᠬᠢᠯᠡᠵᠦ ᠳ᠋ᠧᠩ ᠤᠨ ᠭᠡᠷᠡᠯ᠂ ᠬᠦᠩᠬᠢᠨᠡᠬᠦᠷ᠂ ᠲᠤᠮᠤ ᠳᠡᠯᠭᠡᠴᠡ ᠶᠢ ᠤᠭᠰᠠᠷᠠᠵᠤ ᠪᠣᠯᠤᠨ᠎ᠠ︾ ᠭᠡᠵᠦ 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠲᠠᠶᠢᠰᠠᠨ ᠤ ᠣᠷᠠᠯᠢᠭ ᠤᠨ ᠢᠨᠵᠧᠨᠧᠷᠢᠩ ᠤᠨ ᠳᠤᠭᠤᠶᠢᠯᠠᠩ ᠤᠨ ᠳᠠᠷᠤᠭ᠎ᠠ ᠳ᠋ᠢᠩ ᠵᠧ ᠬᠡᠯᠡᠪᠡ᠃      2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ‍ᠤᠨ‌‍ᠲ᠋ᠠᠶᠢᠰᠠᠨ ᠤ ᠣᠷᠠᠯᠢᠭ ᠤᠨ ᠵᠢᠷᠤᠭ ᠲᠥᠯᠥᠪᠯᠡᠭᠡ ᠨᠢ ︽ᠤᠮᠠᠷᠠᠲᠤ ᠬᠢᠯᠢ ᠪᠠᠨ ᠮᠠᠭᠲᠠᠨ ᠳᠠᠭᠤᠯᠠᠵᠤ  ᠠᠷᠠᠳ ᠤᠨ ᠳᠠᠭᠤᠤ ᠶᠢᠨ ᠷᠢᠳᠢ ᠰᠢᠳᠢ ᠶᠢ ᠢᠯᠡᠷᠡᠭᠦᠯᠤᠶ᠎ᠡ︾ ᠭᠡᠬᠦ ᠪᠠᠷ ᠭᠤᠤᠯ ᠰᠡᠳᠦᠪ ᠪᠣᠯᠭᠠᠵᠤ᠂ ᠣᠲᠣ ᠦᠶ᠎ᠡ ᠶᠢᠨ ᠲᠠᠶᠢᠰᠠᠨ ᠤ ᠭᠤᠸ᠎ᠠ ᠰᠠᠶᠢᠬᠠᠨ ᠤ ᠦᠵᠡᠯᠲᠡ ᠶᠢ ᠪᠠᠷᠢᠮᠲᠠᠯᠠᠨ᠂ ᠤᠷᠠᠯᠢᠭ ᠪᠠ ᠰᠢᠨᠵᠢᠯᠡᠬᠦ ᠤᠬᠠᠭᠠᠨ ᠮᠡᠷᠭᠡᠵᠢᠯ ᠢ ᠣᠷᠭᠠᠨᠢᠭ ᠢᠶᠠᠷ ᠤᠶᠠᠯᠳᠤᠭᠤᠯᠪᠠ᠃ ᠭᠤᠤᠯ ᠲᠠᠶᠢᠰᠠ ᠨᠢ ᠥᠪᠥᠷ ᠮᠣᠩᠭᠤᠯ ᠤᠨ ᠡᠯᠧᠮᠧᠨ᠋ᠲ ᠢᠶᠠᠷ ᠭᠤᠤᠯ ᠬᠠᠷᠠᠭᠠᠨ ᠰᠡᠷᠡᠯ ᠤᠨ ᠲᠠᠭᠠᠯᠠᠮᠵᠢ ᠪᠣᠯᠭᠠᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠡᠯᠧᠮᠧᠨ᠋ᠲ ᠢ ᠠᠭᠤᠰᠤᠯᠴᠠᠭᠤᠯᠤᠨ᠂ LED ᠳᠡᠯᠭᠡᠴᠡ ᠯᠦᠭᠡ ᠤᠶᠠᠯᠳᠤᠭᠤᠯᠤᠨ᠂ ᠪᠦᠬᠦᠯᠢ ᠴᠣᠭᠴᠠ ᠶᠢᠨ ᠬᠡᠪ ᠨᠠᠮᠪᠠ ᠨᠢ ᠳᠥᠭᠦᠮ ᠠᠪᠰᠠᠷᠬᠠᠨ᠂ ᠣᠷᠣᠨ ᠵᠠᠶ ᠶᠢᠨ ᠰᠡᠳᠬᠢᠯᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠭᠳᠡᠯ ᠲᠠᠢ ᠲᠠᠶᠢᠰᠠ ᠶᠢ ᠪᠠᠶᠢᠭᠤᠯᠪᠠ᠃ ᠲᠠᠶᠢᠰᠠᠨ ᠤ ᠬᠤᠶᠠᠷ ᠲᠠᠯ᠎ᠠ ᠳᠤ ᠲᠤᠮᠤ ᠬᠡᠯᠪᠡᠷᠢ ᠶᠢᠨ ᠳᠡᠯᠭᠡᠴᠡ ᠲᠤᠬᠢᠷᠠᠭᠤᠯᠵᠤ᠂ ᠦᠵᠡᠭᠴᠢᠳ ᠤᠨ ᠬᠠᠷᠠᠭᠠᠨ ᠤ ᠮᠡᠳᠡᠷᠡᠮᠵᠢ ᠶᠢ ᠨᠡᠮᠡᠭᠳᠡᠭᠦᠯᠬᠦ ᠶᠢᠨ ᠬᠠᠮᠲᠤ ᠦᠬᠠᠢ ᠨᠠᠭᠤᠷ ᠤᠨ ᠪᠠᠶᠢᠭᠠᠯᠢ ᠶᠢᠨ ᠦᠩᠭᠡ ᠦᠵᠡᠮᠵᠢ ᠲᠠᠢ ᠤᠶᠠᠯᠳᠤᠭᠤᠯᠵᠤ᠂ ᠨᠠᠭᠤᠷ ᠢᠶᠠᠷ ᠬᠥᠰᠢᠭᠡ ᠪᠠᠨ ᠪᠣᠯᠭᠠᠵᠤ᠂ ᠤᠳᠤ ᠦᠶ᠎ᠡ ᠶᠢᠨ ᠲᠠᠭᠤᠨ᠂ ᠭᠡᠷᠡᠯ᠂ ᠴᠠᠬᠢᠯᠭᠠᠨ ᠤ ᠮᠡᠷᠭᠡᠵᠢᠯ ᠳᠤ ᠠᠭᠤᠰᠤᠯᠴᠠᠵᠤ᠂ ᠡᠨᠡ ᠵᠢᠯ ᠤᠨ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠲᠤ ᠨᠡᠩ ᠠᠮᠢᠳᠤᠯᠢᠭ ᠪᠥᠭᠡᠳ ᠤᠯᠠᠨ ᠶᠠᠩᠵᠤ ᠶᠢᠨ ᠬᠠᠷᠠᠭᠠᠨ ᠤ ᠲᠠᠭᠠᠯᠠᠮᠵᠢ ᠭᠠᠷᠭᠠᠵᠤ᠂ ᠦᠵᠡᠭᠴᠢᠳ ᠲᠤ ᠪᠦᠬᠦ ᠲᠠᠯ᠎ᠠ ᠶᠢᠨ ᠭᠦᠨ ᠰᠠᠭᠤᠭᠳᠠᠯ ᠲᠠᠢ ᠬᠠᠷᠠᠭ᠎ᠠ ᠰᠣᠨᠣᠷ ᠤᠨ ᠦᠪᠡᠳᠡᠭᠰᠢ ᠨᠠᠶᠢᠷ ᠢ ᠠᠪᠴᠢᠷᠠᠵᠤ ᠦᠭᠬᠦ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号