ᠼᠦᠢ ᠵᠢᠩ ᠶᠢᠩ ᠪᠦᠯᠬᠦᠮ ᠳᠠᠭᠠᠭᠤᠯᠤᠨ ᠯᠢᠶᠣᠤᠨᠢᠩ ᠳᠤ ᠰᠢᠨᠵᠢᠯᠡᠨ ᠪᠠᠶᠢᠴᠠᠭᠠᠵᠤ ᠵᠣᠯᠭᠠᠭᠤᠯᠪᠠ
ᠨᠡᠶᠢᠲᠡᠯᠡᠭᠰᠡᠨ ᠴᠠᠭ᠄
2024/7/29
     7 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠪᠦᠯᠬᠦᠮ ᠳᠠᠭᠠᠭᠤᠯᠤᠨ ᠯᠢᠶᠣᠤᠨᠢᠩ ᠮᠤᠵᠢ ᠶᠢᠨ ᠳ᠋ᠠᠯᠢᠶᠠᠨ ᠬᠤᠲᠠ ᠳᠤ ᠬᠦᠷᠴᠦ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠤᠴᠢᠷ ᠶᠠᠪᠤᠳᠠᠯ ᠤᠨ ᠲᠤᠬᠠᠢ ᠰᠢᠨᠵᠢᠯᠡᠨ ᠪᠠᠶᠢᠴᠠᠭᠠᠪᠠ᠃ ᠬᠤᠳᠠ ᠶᠢᠨ ᠳᠡᠳ᠋ ᠳᠠᠷᠤᠭ᠎ᠠ ᠭᠤᠤ ᠪᠥᠸᠧ ᠣᠷᠣᠯᠴᠠᠪᠠ᠃

     ᠼᠦᠢ ᠵᠢᠩ ᠶᠢᠩ ᠨᠡᠷ ᠳ᠋ᠠᠯᠢᠶᠠᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠶᠢᠨ

ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ

ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠲᠤᠷᠰᠢᠯᠲᠠ ᠶᠢᠨ ᠲᠠᠰᠤᠭ ᠤᠨ ᠴᠢᠳᠠᠪᠤᠷᠢᠲᠠᠨ ᠢ

ᠬᠥᠮᠦᠵᠢᠭᠦᠯᠬᠦ᠂ ᠮᠡᠷᠭᠡᠵᠢᠯ ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢᠶᠠᠨ ᠣᠨᠳᠣᠣᠰᠢᠭᠤᠯᠬᠤ ᠵᠡᠷᠭᠡ ᠪᠠᠶᠢᠳᠠᠯ ᠢ ᠨᠢ

ᠨᠠᠷᠢᠨ ᠣᠶᠢᠯᠠᠭᠠᠬᠤ ᠶᠢᠨ ᠬᠠᠮᠲᠤ BDO ᠠᠵᠤ ᠦᠢᠯᠡᠰ ᠤᠨ ᠬᠥᠭᠵᠢᠯᠲᠡ᠂ BDO ᠠᠵᠤ ᠦᠢᠯᠡᠰ ᠤᠨ

ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠳᠦᠭᠡᠨ ᠪᠠᠶᠢᠭᠤᠯᠤᠯᠲᠠ ᠵᠢᠴᠢ ᠪᠡᠯᠡ ᠣᠷᠣᠭᠤᠯᠤᠯᠲᠠ ᠶᠢᠨ

ᠬᠠᠮᠲᠤᠷᠠᠯᠴᠠᠭ᠎ᠠ ᠶᠢᠨ ᠲᠣᠭᠤᠷᠢᠨ ᠳᠤ ᠬᠤᠯᠪᠤᠭᠳᠠᠯ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ

ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃

     ᠶᠠᠷᠢᠯᠴᠠᠬᠤ ᠬᠤᠷᠠᠯ ᠳᠡᠭᠡᠷ᠎ᠡ᠂ ᠼᠦᠢ ᠵᠢᠩ ᠶᠢᠩ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠪᠠᠶᠢᠳᠠᠯ ᠢᠶᠠᠨ ᠨᠠᠷᠢᠨ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠣᠳᠣᠬᠠᠨ ᠳᠤ᠂ ᠦᠬᠠᠢ

ᠬᠤᠳᠠ ᠶᠢᠨ ᠬᠢᠨ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ

ᠰᠠᠭᠤᠷᠢᠨ ᠤ ᠪᠦᠳᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠰᠢᠨᠵᠢᠯᠡᠬᠦ ᠤᠬᠠᠭᠠᠨ

ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ

ᠰᠠᠭᠤᠷᠢ ᠪᠣᠯᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠰᠢᠨ᠎ᠡ ᠬᠡᠯᠪᠡᠷᠢ ᠶᠢᠨ ᠠᠵᠤ

ᠦᠢᠯᠡᠳᠪᠦᠷᠢᠵᠢᠯᠲᠡ ᠶᠢ ᠶᠡᠬᠡᠪᠡᠷ ᠠᠬᠢᠭᠤᠯᠵᠤ᠂ ᠤᠯᠠᠨ ᠡᠰᠢᠵᠢᠨ ᠬᠥᠭᠵᠢᠭᠰᠡᠨ᠂ ᠤᠯᠠᠨ ᠲᠦᠢᠯ ᠢᠶᠠᠷ

ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠰᠢᠨᠵᠢᠯᠡᠬᠦ

ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ

ᠬᠤᠪᠢᠷᠠᠭᠤᠯᠬᠤ ᠲᠠᠯ᠎ᠠ ᠪᠠᠷ ᠵᠡᠷᠭᠡᠪᠡᠷ ᠬᠦᠴᠦᠯᠡᠵᠦ᠂ ᠡᠬᠢ ᠪᠠᠶᠠᠯᠢᠭ ᠤᠨ ᠳᠠᠪᠠᠭᠤᠯᠢᠭ ᠢ ᠦᠨᠡᠨᠬᠦ ᠠᠵᠤ ᠦᠢᠯᠡᠰ ᠤᠨ

ᠳᠠᠪᠠᠭᠤᠯᠢᠭ᠂ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠲᠤᠯᠭᠠᠮ᠎ᠠ ᠱᠠᠭᠠᠷᠳᠠᠵᠤ ᠪᠠᠶᠢᠨ᠎ᠠ᠃

ᠮᠠᠨ ᠤ ᠬᠤᠲᠠ ᠨᠠᠩ ᠨᠡᠭᠡᠭᠡᠯᠲᠡᠲᠡᠶ᠂ ᠬᠠᠮᠵᠢᠯᠴᠠᠭᠰᠠᠨ᠂ ᠬᠠᠮᠲᠤ ᠪᠠᠷ ᠡᠳ᠋ᠯᠡᠬᠦ ᠠᠵᠤ ᠦᠢᠯᠡᠰ ᠤᠨ ᠠᠮᠢ ᠠᠬᠤᠶ ᠶᠢ

ᠦᠷᠭᠦᠯᠵᠢᠯᠡᠨ ᠪᠠᠶᠢᠭᠤᠯᠵᠤ᠂ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ

ᠲᠠᠪᠴᠠᠩ ᠢ ᠢᠳᠡᠪᠬᠢᠲᠡᠶ ᠪᠠᠶᠢᠭᠤᠯᠵᠤ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢᠶᠠᠨ ᠪᠥᠬᠦ

ᠬᠦᠴᠦᠨ ᠢᠶᠠᠷ ᠢᠶᠠᠨ ᠰᠠᠶᠢᠲᠤᠷ ᠬᠢᠵᠦ᠂ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠭᠤᠷᠪᠠᠨ ᠲᠠᠯ᠎ᠠ ᠶᠢᠨ

ᠬᠠᠮᠵᠢᠯᠴᠠᠨ ᠬᠥᠭᠵᠢᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ᠃ ᠳ᠋ᠠᠯᠢᠶᠠᠨ ᠤ ᠪᠠᠶᠢᠭᠠᠯᠢ ᠶᠢᠨ

ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠤᠯᠤᠰ ᠤᠨ

ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠰᠢᠨᠵᠢᠯᠡᠬᠦ

ᠤᠬᠠᠭᠠᠨ ᠤ ᠰᠤᠳᠤᠯᠭᠠᠨ ᠤ ᠪᠦᠯᠬᠦᠮ ᠢ ᠢᠯᠡᠭᠦᠬᠡᠨ ᠰᠣᠩᠭᠤᠨ ᠲᠣᠮᠢᠯᠠᠵᠤ ᠮᠠᠨ ᠤ ᠬᠤᠲᠠ ᠳᠤ ᠬᠡᠷᠡᠭᠯᠡᠭᠡᠨ ᠤ

ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢᠶᠠᠨ

ᠤᠨᠳᠤᠤᠰᠢᠭᠤᠯᠬᠤ ᠶᠢ ᠥᠷᠨᠢᠭᠦᠯᠵᠦ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ

ᠣᠶᠤᠨ ᠤᠬᠠᠭᠠᠨ ᠪᠠ ᠬᠦᠴᠦᠨ ᠴᠢᠳᠠᠯ ᠨᠡᠮᠡᠭᠳᠡᠭᠦᠯᠵᠦ᠂ ᠡᠨᠧᠷᠭᠢ ᠣᠯᠭᠤᠬᠤ ᠶᠢ ᠬᠦᠰᠡᠵᠦ ᠪᠠᠶᠢᠨ᠎ᠠ᠃ ᠵᠢᠦ ᠰᠢᠨ

ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠪᠡᠯᠡ ᠣᠷᠣᠭᠤᠯᠬᠤ ᠢᠲᠡᠭᠡᠯ ᠢᠶᠠᠨ ᠪᠠᠲᠤᠳᠬᠠᠵᠤ᠂

ᠮᠠᠨ ᠤ ᠬᠤᠲᠠ ᠯᠤᠭ᠎ᠠ ᠤᠯᠠᠨ ᠵᠢᠯ ᠤᠨ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢᠨ ᠳᠡᠭᠡᠷ᠎ᠡ ᠨᠡᠩ ᠭᠦᠨ

ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠨᠡᠩ ᠤᠯᠠᠨ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠢᠶᠠᠨ

ᠦᠬᠠᠢ ᠲᠡᠰᠢ ᠬᠡᠯᠪᠠᠶᠢᠯᠭᠡᠵᠦ᠂ ᠮᠠᠨ ᠤ ᠬᠤᠳᠠ ᠶᠢᠨ ᠠᠵᠤ ᠦᠢᠯᠡᠰ ᠤᠨ ᠬᠥᠭᠵᠢᠯᠲᠡ ᠲᠠᠢ ᠨᠡᠩ ᠰᠠᠶᠢᠨ ᠵᠡᠷᠭᠡᠪᠡᠷ

ᠬᠥᠭᠵᠢᠬᠦ ᠶᠢ ᠬᠦᠰᠡᠵᠦ ᠪᠠᠶᠢᠨ᠎ᠠ ᠬᠡᠵᠡᠢ᠃

     ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ

ᠢᠯᠡᠷᠭᠡᠶᠢᠯᠡᠭᠰᠡᠨ ᠨᠢ᠂ ᠣᠶᠢᠷ᠎ᠠ ᠶᠢᠨ ᠵᠢᠯ ᠠᠴᠠ ᠨᠠᠰᠢ᠂ ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ

ᠰᠢᠨ᠎ᠡ ᠶᠢ ᠡᠭᠦᠳᠬᠦ᠂ ᠠᠵᠤ ᠦᠢᠯᠡᠰ ᠤᠨ ᠲᠥᠪᠯᠡᠷᠡᠯ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠬᠢ

ᠣᠷᠣᠭᠤᠯᠤᠯᠲᠠ ᠪᠠ ᠦᠷ᠎ᠡ ᠪᠦᠲᠦᠮᠵᠢ ᠨᠢ ᠣᠯᠠᠨ ᠤ ᠨᠢᠳᠦᠨ ᠳᠤ ᠦᠵᠡᠭᠳᠡᠵᠦ᠂ ᠵᠠᠰᠠᠭ ᠰᠤᠷᠭᠠᠭᠤᠯᠢ ᠪᠠ ᠠᠵᠤ

ᠠᠬᠤᠶᠢᠯᠠᠯ ᠤᠨ ᠬᠠᠮᠲᠤᠷᠠᠯᠴᠠᠭ᠎ᠠ ᠪᠠᠲᠤ ᠪᠠᠬᠢ ᠰᠠᠭᠤᠷᠢ ᠪᠠ ᠭᠡᠭᠡᠨ ᠰᠠᠷᠠᠭᠤᠯ ᠢᠷᠡᠭᠡᠳᠦᠶ ᠲᠠᠢ ᠶᠤᠮ᠂ ᠢᠷᠡᠭᠡᠳᠦᠶ ᠳᠤ

ᠨᠡᠪᠲᠡᠷᠡᠯᠴᠡᠭᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠠᠯᠠ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂

ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠷ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠦᠨ᠎ᠡ

ᠬᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号