ᠦᠬᠠᠢ ᠬᠤᠳᠠ ᠶᠢᠨ ᠡᠯᠡᠰᠦᠨ ᠳᠠᠩ ᠤᠨ ᠬᠥᠯ ᠪᠥᠮᠪᠦᠭᠡ ᠶᠢᠨ ᠠᠩᠬᠢ ᠲᠡᠳ᠋ᠯᠡᠪᠡ
ᠨᠡᠶᠢᠲᠡᠯᠡᠭᠰᠡᠨ ᠴᠠᠭ᠄
2024/7/3
     ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠢᠭᠡᠮᠯᠢᠭ ᠤᠨ ᠡᠯᠡᠰᠦᠨ ᠳᠠᠩ ᠤᠨ ᠬᠥᠯ ᠪᠥᠮᠪᠦᠭᠡ ᠶᠢᠨ ᠦᠷᠳᠡᠭᠡ ᠤᠷᠤᠯᠳᠤᠭᠠᠨ 6 ᠰᠠᠷ᠎ᠠ ᠶᠢᠨ 30 ᠤ ᠡᠳᠦᠷ ᠱᠠᠨᠳᠦ᠋ᠩ ᠮᠣᠵᠢ ᠶᠢᠨ ᠿᠢ ᠵᠣᠣ ᠬᠤᠲᠠ ᠳᠤ ᠦᠨᠳᠦᠷᠯᠡᠵᠦ᠂ ᠬᠢᠷᠢᠨ ᠮᠣᠵᠢ ᠶᠢᠨ ᠲᠥᠯᠥᠭᠡᠯᠡᠭᠴᠢᠳ ᠤᠨ ᠠᠩᠭᠢ ᠮᠠᠩᠯᠠᠢᠯᠠᠵᠤ᠂ ᠦᠬᠠᠢ ᠬᠤᠲᠠ ᠶᠢᠨ ᠡᠯᠡᠰᠦᠨ ᠳᠠᠩ ᠤᠨ ᠬᠥᠯ ᠪᠥᠮᠪᠦᠭᠡ ᠶᠢᠨ ᠠᠩᠬᠢ ᠲᠡᠳ᠋ᠯᠡᠪᠡ᠃      ᠲᠤᠰ ᠥᠷᠲᠡᠭᠡᠨ ᠤ ᠤᠷᠤᠯᠳᠤᠭᠠᠨ ᠿᠢ ᠵᠣᠣ ᠶᠢᠨ ᠳᠠᠯᠠᠢ ᠶᠢᠨ ᠬᠥᠪᠡᠭᠡᠨ ᠤ ᠤᠯᠤᠰ ᠤᠨ ᠣᠢ ᠰᠢᠭᠤᠢ ᠶᠢᠨ ᠴᠡᠴᠡᠷᠯᠢᠭ ᠲᠤ ᠶᠠᠪᠤᠭᠳᠠᠵᠤ᠂ ᠬᠢᠷᠢᠨ ᠮᠣᠵᠢ᠂ ᠬᠠᠢᠨᠠᠨ ᠮᠣᠵᠢ᠂ ᠵᠧᠵᠢᠶᠠᠩ ᠮᠣᠵᠢ᠂ ᠱᠠᠨᠳᠦ᠋ᠩ ᠮᠣᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠢᠷᠡᠭᠰᠡᠨ 5 ᠠᠩᠭᠢ ᠤᠷᠤᠯᠳᠤᠭᠠᠨ ᠳᠤ ᠣᠷᠣᠯᠴᠠᠪᠠ᠃ ᠡᠯ᠎ᠡ ᠲᠥᠯᠥᠭᠡᠯᠡᠭᠴᠢᠳ ᠤᠨ ᠠᠩᠭᠢ ᠨᠡᠶᠢᠲᠡ 5 ᠡᠭᠡᠯᠵᠢ ᠶᠢᠨ ᠳᠠᠩ ᠭᠠᠭᠴᠠ ᠣᠷᠴᠢᠯᠲᠤ ᠤᠷᠤᠯᠳᠤᠭᠠᠨ ᠶᠠᠪᠤᠭᠤᠯᠵᠤ᠂ ᠡᠴᠦᠰ ᠲᠡᠭᠡᠨ ᠬᠤᠷᠠᠮᠳᠤᠭᠤᠯᠤᠭᠰᠠᠨ ᠬᠤᠪᠢ ᠶᠢ ᠦᠨᠳᠦᠰᠦᠯᠡᠨ ᠨᠡᠷᠡᠰ ᠤᠨ ᠵᠢᠭᠰᠠᠭᠠᠯᠲᠠ ᠶᠢ ᠲᠣᠭᠲᠠᠭᠠᠪᠠ᠃      ᠦᠬᠠᠢ ᠬᠤᠲᠠ ᠶᠢᠨ ᠡᠯᠡᠰᠦᠨ ᠲᠠᠩ ᠤᠨ ᠬᠥᠯ ᠪᠥᠮᠪᠦᠭᠡ ᠶᠢᠨ ᠠᠩᠭᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ ᠠᠩᠭᠢ ᠪᠣᠯᠤᠭᠰᠠᠨ ᠤ ᠬᠤᠪᠢ ᠳᠤ᠂ ᠤᠷᠢᠳ ᠬᠤᠵᠢᠳ ᠬᠢᠷᠢᠨ ᠮᠣᠵᠢ᠂ ᠬᠠᠢᠨᠠᠨ ᠮᠣᠵᠢ᠂ ᠵᠧᠵᠢᠶᠠᠩ ᠮᠣᠵᠢ ᠶᠢᠨ ᠲᠥᠯᠥᠭᠡᠯᠡᠭᠴᠢᠳ ᠤᠨ ᠠᠩᠭᠢ ᠲᠠᠢ ᠣᠷᠣᠯᠳᠣᠵᠣ᠂ ᠬᠤᠶᠠᠷ ᠢᠯᠠᠵᠤ ᠨᠢᠭᠡ ᠢᠯᠠᠭᠳᠠᠵᠤ᠂ ᠲᠡᠷᠢᠭᠦᠨ ᠲᠡᠳ᠋ ᠭᠤᠳᠠᠭᠠᠷ ᠤᠨ ᠦᠷᠢᠰᠦᠯᠳᠦᠬᠦ ᠣᠷᠣᠯᠳᠣᠭᠠᠨ ᠳᠤ ᠣᠷᠣᠪᠠ᠃ ᠬᠠᠮᠤᠭ ᠰᠡᠭᠦᠯ ᠤᠨ ᠨᠢᠭᠡ ᠤᠳᠠᠭᠠᠨ ᠤ ᠣᠷᠣᠯᠳᠣᠭᠠᠨ ᠳᠤ᠂ ᠦᠬᠠᠢ ᠬᠤᠲᠠ ᠶᠢᠨ ᠡᠯᠡᠰᠦᠨ ᠲᠠᠩ ᠤᠨ ᠬᠥᠯ ᠪᠥᠮᠪᠦᠭᠡ ᠶᠢᠨ ᠠᠩᠭᠢ ᠡᠵᠡᠨ ᠲᠠᠯ᠎ᠠ ᠪᠤᠯᠤᠭᠰᠠᠨ ᠱᠠᠨᠳᠦ᠋ᠩ ᠮᠣᠵᠢ ᠶᠢᠨ ᠲᠥᠯᠥᠭᠡᠯᠡᠭᠴᠢᠳ ᠤᠨ ᠠᠩᠭᠢ ᠲᠠᠢ ᠣᠷᠣᠯᠳᠣᠵᠣ᠂ 3᠄ 0 ᠪᠠᠷ ᠢᠯᠠᠵᠤ᠂ ᠲᠤᠰ ᠥᠷᠲᠡᠭᠡᠨ ᠤ ᠤᠷᠤᠯᠳᠤᠭᠠᠨ ᠳᠤ ᠲᠡᠳ᠋ᠯᠡᠪᠡ᠃      ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠢᠭᠡᠮᠯᠢᠭ ᠤᠨ ᠡᠯᠡᠰᠦᠨ ᠳᠠᠩ ᠤᠨ ᠬᠥᠯ ᠪᠥᠮᠪᠦᠭᠡ ᠶᠢᠨ ᠦᠷᠳᠡᠭᠡ ᠤᠷᠤᠯᠳᠤᠭᠠᠨ ᠪᠣᠯ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠢᠭᠡᠮᠯᠢᠭ ᠠᠴᠠ ᠭᠤᠣᠯᠯᠠᠨ ᠡᠷᠬᠢᠯᠡᠵᠦ᠂ ᠣᠷᠣᠨ ᠨᠤᠲᠤᠭ ᠤᠨ ᠭᠡᠰᠢᠬᠦᠨ ᠨᠡᠢᠭᠡᠮᠯᠢᠭ ᠪᠤᠶᠤ ᠣᠷᠣᠨ ᠨᠤᠲᠤᠭ ᠤᠨ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠠᠭᠠᠭᠠᠨ ᠡᠷᠬᠢᠯᠡᠬᠦ‍ ᠨᠢᠭᠡ ᠵᠦᠢᠯ ᠤᠨ ᠪᠦᠬᠦ ᠤᠯᠤᠰ ᠤᠨ ᠴᠢᠨᠠᠷᠲᠠᠢ ᠡᠯᠡᠰᠦᠨ ᠳᠠᠩ ᠤᠨ ᠬᠥᠯ ᠪᠥᠮᠪᠦᠭᠡ ᠶᠢᠨ ᠤᠷᠤᠯᠳᠤᠭᠠᠨ ᠪᠣᠯᠤᠨ᠎ᠠ᠃ 2024 ᠣᠨ ᠳᠤ ᠤᠷᠤᠯᠳᠤᠭᠠᠨ ᠢ ᠦᠷᠳᠡᠭᠡ ᠤᠷᠤᠯᠳᠤᠭᠠᠨ ᠪᠠ ᠶᠡᠷᠦᠩᠬᠡᠢ ᠰᠢᠢᠳᠪᠦᠷᠢᠲᠦ ᠤᠷᠤᠯᠳᠤᠭᠠᠨ ᠭᠡᠵᠦ ᠬᠤᠶᠠᠷ ᠱᠠᠲᠤ ᠬᠤᠪᠢᠶᠠᠵᠤ᠂ ᠦᠷᠳᠡᠭᠡ ᠤᠷᠤᠯᠳᠤᠭᠠᠨ ᠳᠤ ᠨᠡᠶᠢᠲᠡ 6 ᠬᠤᠪᠢᠶᠠᠷᠢ ᠤᠷᠤᠯᠳᠤᠭᠠᠨ ᠤ ᠦᠷᠳᠡᠭᠡ ᠭᠠᠷᠭᠠᠵᠤ᠂ ᠲᠣᠰ ᠤᠳᠠᠭᠠᠨ ᠤ ᠤᠷᠤᠯᠳᠤᠭᠠᠨ ᠨᠢ 5 ᠳ᠋ᠤᠭᠠᠷ ᠥᠷᠲᠡᠭᠡ ᠪᠣᠯᠣᠨ᠎ᠠ᠃ ᠦᠷᠳᠡᠭᠡ ᠤᠷᠤᠯᠳᠤᠭᠠᠨ ᠳᠠᠭᠤᠰᠤᠭᠰᠠᠨ ᠤ ᠳᠠᠷᠠᠭ᠎ᠠ᠂ ᠬᠤᠷᠠᠮᠳᠤᠯ ᠬᠤᠪᠢ ᠨᠢ ᠬᠠᠮᠤᠭ ᠥᠨᠳᠥᠷ 8 ᠪᠦᠮᠪᠦᠭᠡ ᠶᠢᠨ ᠠᠩᠭᠢ ᠨᠢ ᠶᠡᠷᠦᠩᠬᠡᠢ ᠰᠢᠢᠳᠪᠦᠷᠢᠲᠦ ᠤᠷᠤᠯᠳᠤᠭᠠᠨ ᠳᠤ ᠣᠷᠣᠯᠴᠠᠬᠤ ᠪᠣᠯᠤᠨ᠎ᠠ᠃ ᠣᠳᠣᠬᠠᠨ ᠳᠤ᠂ ᠦᠬᠠᠶ ᠬᠤᠲᠠ ᠶᠢᠨ ᠡᠯᠡᠰᠦᠨ ᠳᠠᠩ ᠤᠨ ᠬᠥᠯ ᠪᠥᠮᠪᠦᠭᠡ ᠶᠢᠨ ᠲᠥᠯᠥᠭᠡᠯᠡᠭᠴᠢᠳ ᠤᠨ ᠠᠩᠭᠢ 18 ᠬᠤᠪᠢ ᠶᠢᠨ ᠶᠡᠷᠦᠩᠬᠡᠶ ᠬᠤᠪᠢ ᠪᠠᠷ ᠣᠨ ᠤ ᠦᠷᠳᠡᠭᠡ ᠤᠷᠤᠯᠳᠤᠭᠠᠨ ᠳᠤ ᠲᠠᠪᠤᠳᠤᠭᠠᠷ ᠲᠤ ᠵᠢᠭᠰᠠᠭᠠᠭᠳᠠᠵᠦ ᠪᠤᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号