ᠲᠠᠩ ᠢ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠳᠤᠴᠠᠲᠤ ᠲᠡᠮᠦᠷ ᠵᠠᠮ ᠤᠨ ᠦᠬᠠᠶ ᠶᠢᠨ ᠬᠡᠰᠡᠭ ᠵᠢᠴᠢ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/7/3
     7 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠲᠤᠴᠠᠲᠤ ᠲᠡᠮᠦᠷ ᠵᠠᠮ ᠤᠨ ᠦᠬᠠᠶ ᠶᠢᠨ ᠬᠡᠰᠡᠭ ᠵᠢᠴᠢ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠣᠷᠣᠯᠴᠠᠪᠡ᠃

     ᠲᠠᠩ ᠢ ᠤᠷᠢᠳ ᠬᠤᠵᠢᠳ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠲᠤᠴᠠᠲᠤ ᠲᠡᠮᠦᠷ ᠵᠠᠮ ᠤᠨ

ᠦᠬᠠᠢ ᠦᠷᠳᠡᠭᠡ᠂ ᠦᠬᠠᠢ ᠶᠢᠨ ᠡᠮᠦᠨ᠎ᠡ ᠦᠷᠳᠡᠭᠡ ᠳᠤ ᠬᠦᠷᠴᠦ᠂ ᠦᠷᠳᠡᠭᠡ ᠶᠢᠨ ᠦᠷᠦᠭᠡ᠂ ᠦᠷᠳᠡᠭᠡ ᠶᠢᠨ ᠡᠮᠦᠨᠡᠬᠢ

ᠠᠭᠤᠳᠠᠮ ᠲᠠᠯᠠᠪᠠᠢ ᠵᠡᠷᠭᠡ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ

ᠦᠵᠡᠵᠦ᠂ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠲᠤᠴᠠᠲᠤ ᠲᠡᠮᠦᠷ ᠵᠠᠮ ᠤᠨ ᠦᠬᠠᠢ ᠶᠢᠨ ᠬᠡᠰᠡᠭ ᠵᠢᠴᠢ

ᠢᠵᠢ ᠪᠦᠷᠢᠳᠦᠭᠰᠡᠨ ᠲᠥᠬᠦᠭᠡᠷᠦᠮᠵᠢ ᠶᠢ ᠠᠬᠢᠭᠤᠯᠵᠤ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ

 ᠨᠢ᠂ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠲᠤᠴᠠᠲᠤ ᠲᠡᠮᠦᠷ ᠵᠠᠮ ᠪᠣᠯ ᠪᠦᠬᠦ ᠬᠤᠳᠠ ᠶᠢᠨ ᠠᠷᠠᠳ

ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠶᠡᠭᠡ ᠶᠠᠪᠤᠳᠠᠯ᠂ ᠴᠢᠬᠤᠯᠠ ᠶᠠᠪᠤᠳᠠᠯ᠂ ᠴᠢᠬᠤᠯᠠ ᠠᠷᠠᠳ ᠤᠨ

ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠡᠯ᠎ᠡ ᠱᠠᠳᠤ ᠡᠯ᠎ᠡ ᠰᠠᠯᠠᠭ᠎ᠠ

ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ᠂

ᠠᠷᠪᠢᠲᠠᠶ ᠡᠷᠴᠢᠮᠯᠢᠭ ᠪᠠᠶᠢᠯᠭᠠᠬᠤ ᠶᠢ ᠪᠠᠷᠢᠮᠲᠠᠯᠠᠵᠤ᠂ ᠦᠷᠳᠡᠭᠡ ᠶᠢᠨ ᠡᠮᠦᠨᠡᠬᠢ ᠠᠭᠤᠳᠠᠮ ᠲᠠᠯᠠᠪᠠᠢ ᠵᠡᠷᠭᠡ ᠵᠢᠷᠤᠭ

ᠲᠥᠯᠥᠪᠯᠡᠭᠡ ᠶᠢᠨ ᠲᠥᠰᠦᠯ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠶᠡᠭᠡ ᠶᠢ ᠬᠥᠭᠡᠭᠡᠴᠡᠯᠳᠦᠵᠦ ᠪᠣᠯᠬᠤ

ᠦᠭᠡᠢ᠂ ᠦᠷᠳᠡᠭᠡ ᠲᠠᠯᠠᠪᠤᠷ ᠤᠨ ᠴᠢᠳᠠᠮᠵᠢ ᠵᠦᠢ ᠵᠣᠬᠢᠰᠲᠠᠶ᠂ ᠬᠢᠮᠳᠠ ᠪᠥᠭᠡᠳ ᠬᠡᠷᠡᠭᠴᠡᠭᠡ ᠲᠠᠢ᠂ ᠭᠤᠶᠤ ᠰᠠᠶᠢᠬᠠᠨ

ᠪᠠᠶᠢᠬᠤ ᠶᠢ ᠦᠨᠡᠨ ᠬᠦ ᠪᠠᠲᠤᠯᠠᠵᠤ᠂ ᠤᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ

ᠬᠡᠷᠡᠭᠲᠡᠶ᠃ ᠥᠷᠲᠡᠭᠡᠨ ᠤ ᠡᠮᠦᠨᠡᠬᠢ ᠠᠭᠤᠳᠠᠮ ᠲᠠᠯᠠᠪᠠᠢ᠂ ᠥᠷᠲᠡᠭᠡᠨ ᠡᠮᠦᠨᠡᠬᠢ ᠵᠠᠮ ᠵᠡᠷᠭᠡ ᠢᠵᠢ ᠪᠥᠷᠢᠳᠦᠭᠦᠯᠬᠦ

ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠲᠦᠷᠦᠯ ᠵᠦᠢᠯ ᠤᠨ

ᠪᠦᠳᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠶᠢᠨ ᠡᠯ᠎ᠡ ᠭᠤᠭᠴᠤᠭ᠎ᠠ ᠪᠠᠨ ᠦᠨᠡᠨᠬᠦ ᠰᠠᠶᠢᠲᠤᠷ ᠨᠢᠭᠡᠳᠦᠯᠲᠡᠢ

ᠲᠥᠯᠥᠪᠵᠢᠭᠦᠯᠵᠦ᠂ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠬᠦᠨ

ᠪᠠᠶᠢᠯᠳᠤᠵᠤ᠂ ᠴᠠᠭ ᠬᠤᠭᠤᠴᠠᠭ᠎ᠠ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂

ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠰᠠᠭᠤᠷᠢ

ᠲᠦᠭᠦᠭᠡᠷᠦᠮᠵᠢ ᠶᠢ ᠢᠵᠢ ᠪᠦᠷᠢᠳᠦᠭᠦᠯᠬᠦ ᠪᠠ ᠲᠡᠭᠡᠲᠤ ᠬᠤᠷᠲᠤᠴᠠᠲᠤ ᠲᠡᠮᠦᠷ ᠵᠠᠮ ᠤᠨ ᠪᠦᠳᠦᠭᠡᠨ ᠪᠠᠶᠢᠭᠤᠯᠤᠯᠲᠠ ᠶᠢ

ᠵᠣᠬᠢᠴᠠᠭᠤᠯᠤᠨ ᠨᠢᠭᠡᠳᠬᠡᠬᠦ ᠶᠢ ᠪᠠᠲᠤᠯᠠᠵᠤ᠂ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠲᠤᠴᠠᠲᠤ ᠲᠡᠮᠦᠷ ᠵᠠᠮ ᠤᠨ

ᠦᠬᠠᠢ ᠶᠢᠨ ᠬᠡᠰᠡᠭ ᠢ ᠡᠷᠲᠡᠬᠡᠨ ᠨᠡᠪᠲᠡᠷᠡᠭᠦᠯᠦᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠲᠡᠭᠡᠲᠤ

ᠬᠤᠷᠲᠤᠴᠠᠲᠤ ᠲᠡᠮᠦᠷ ᠵᠠᠮ ᠢ ᠨᠡᠪᠲᠡᠷᠡᠭᠦᠯᠬᠦ ᠠᠵᠠ ᠲᠣᠬᠢᠶᠠᠯ ᠢ ᠴᠢᠩᠭ᠎ᠠ ᠠᠳᠬᠤᠵᠤ᠂ ᠰᠢᠰᠲ᠋ᠧᠮ ᠲᠠᠢ ᠪᠠᠷ

ᠪᠣᠳᠣᠯᠬᠢᠯᠠᠵᠤ᠂ ᠬᠤᠳᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠴᠢᠳᠠᠪᠬᠢ ᠪᠠᠨ ᠲᠡᠭᠦᠯᠳᠡᠷᠵᠢᠭᠦᠯᠬᠦ ᠵᠡᠷᠭᠡ ᠠᠵᠢᠯ

 ᠢᠶᠠᠨ ᠨᠠᠷᠢᠨ ᠬᠢᠨᠠᠮᠠᠭᠠᠢ ᠲᠥᠯᠥᠪᠵᠢᠭᠦᠯᠵᠦ᠂ ᠵᠢᠭᠤᠯᠴᠢᠯᠠᠯ ᠤᠨ ᠤᠬᠠᠭᠤᠯᠤᠨ ᠳᠡᠯᠭᠡᠷᠡᠭᠦᠯᠬᠦ ᠪᠠᠨ ᠴᠢᠩᠭᠠᠳᠬᠠᠵᠤ᠂

ᠨᠡᠩ ᠤᠯᠠᠨ ᠠᠵᠤ ᠦᠢᠯᠡᠰ᠂ ᠠᠯᠳᠠᠷᠰᠢᠯ ᠤᠨ ᠬᠡᠮᠵᠢᠶ᠎ᠡ ᠪᠣᠯᠤᠨ ᠬᠤᠳᠠᠯᠳᠤᠭᠠᠨ ᠤ ᠢᠳᠡᠭᠡᠮᠵᠢ ᠶᠢ ᠲᠥᠪᠯᠡᠷᠡᠭᠦᠯᠵᠦ᠂

ᠬᠤᠳᠠ ᠶᠢᠨ ᠠᠮᠢᠵᠢᠷᠠᠯ ᠤᠨ ᠬᠦᠴᠦᠨ᠂ ᠨᠥᠯᠥᠭᠡᠯᠡᠬᠦ ᠬᠦᠴᠦᠨ ᠢ ᠨᠡᠮᠡᠭᠳᠡᠭᠦᠯᠵᠦ᠂ ᠬᠤᠳᠠ ᠶᠢᠨ ᠲᠠᠲᠠᠬᠤ ᠬᠦᠴᠦᠨ ᠢ

ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号