ᠴᠦᠩᠴᠢᠩ ᠬᠤᠲᠠ ᠶᠢᠨ ᠿᠦᠩ ᠴᠠᠩ ᠲᠣᠭᠤᠷᠢᠭ ᠤᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠲᠠ ᠳᠤ ᠰᠢᠨᠵᠢᠯᠡᠨ ᠪᠠᠶᠢᠴᠠᠭᠠᠵᠤ ᠰᠣᠯᠢᠯᠴᠠᠭ᠎ᠠ ᠬᠢᠪᠡ
ᠨᠡᠶᠢᠲᠡᠯᠡᠭᠰᠡᠨ ᠴᠠᠭ᠄
2024/7/30
     7 ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠴᠦᠩᠴᠢᠩ ᠬᠤᠲᠠ ᠶᠢᠨ ᠿᠦᠩ ᠴᠠᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠬᠤᠩ ᠪᠥᠸᠧ ᠰᠢᠨᠵᠢᠯᠡᠨ ᠪᠠᠶᠢᠴᠠᠭᠠᠬᠤ ᠪᠦᠯᠬᠦᠮ ᠳᠠᠭᠠᠭᠤᠯᠤᠨ ᠮᠠᠨ ᠤ ᠬᠤᠲᠠ ᠳᠤ ᠢᠷᠡᠵᠦ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ᠂ ᠿᠦᠩ ᠴᠠᠩ ᠲᠣᠭᠤᠷᠢᠭ ᠤᠨ ᠤᠳᠤᠷᠢᠳᠤᠯᠭ᠎ᠠ ᠯᠢ ᠬᠤᠤ᠂ ᠯᠢ ᠳ᠋ᠧ ᠸᠧᠶ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃

     ᠭᠤᠤ ᠬᠤᠩ ᠪᠥᠸᠧ ᠨᠡᠷ ᠤᠷᠢᠳ ᠬᠤᠵᠢᠳ ᠭᠤᠸᠠᠩ ᠵᠢᠦᠢ ᠰᠢᠨ᠎ᠡ ᠮᠠᠲ᠋ᠧᠷᠢᠶᠠᠯ᠂ ᠬᠤᠸᠠ ᠾᠧᠩ

ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠰᠠᠨ ᠸᠧᠢ ᠰᠢᠨ᠎ᠡ ᠮᠠᠲ᠋ᠧᠷᠢᠶᠠᠯ᠂ ᠵᠢᠶᠦ᠋ᠨ ᠵᠧᠩ ᠡᠨᠧᠷᠭᠢ ᠬᠢᠮᠢ ᠶᠢᠨ

ᠠᠵᠤ ᠦᠢᠯᠡᠳᠪᠦᠷᠢ᠂ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠤ ᠠᠬᠤᠶᠢᠯᠠᠯ ᠳᠤ ᠬᠦᠷᠴᠦ᠂

ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠬᠤᠯᠪᠣᠭᠳᠠᠯ

ᠪᠦᠬᠦᠢ ᠬᠠᠷᠢᠭᠤᠴᠠᠯᠭᠠᠲᠠᠨ ᠨᠥᠬᠦᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠮᠠᠨ ᠤ ᠬᠤᠳᠠ ᠶᠢᠨ ᠪᠦᠬᠦ

ᠪᠥᠮᠪᠥᠷᠴᠡᠭ ᠤᠨ ᠬᠠᠮᠤᠭ ᠤᠨ ᠶᠡᠭᠡ BDO ᠶᠢ ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ ᠤᠨ ᠰᠠᠭᠤᠷᠢᠨ

ᠭᠠᠵᠠᠷ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠶᠢ ᠰᠢᠩᠭᠡᠭᠡᠬᠦ

ᠰᠠᠭᠤᠷᠢᠨ ᠭᠠᠵᠠᠷ ᠢ ᠪᠠᠶᠢᠭᠤᠯᠬᠤ ᠵᠡᠷᠭᠡ ᠲᠠᠯ᠎ᠠ ᠶᠢᠨ ᠰᠡᠳᠬᠢᠴᠡ ᠠᠷᠭ᠎ᠠ ᠬᠡᠮᠵᠢᠶ᠎ᠡ ᠪᠣᠯᠤᠨ ᠠᠵᠢᠯ ᠤᠨ ᠦᠷ᠎ᠡ

ᠪᠦᠲᠦᠮᠵᠢ ᠶᠢ ᠨᠠᠷᠢᠨ ᠣᠶᠢᠯᠠᠭᠠᠪᠠ᠃ ᠭᠤᠤ ᠬᠤᠩ ᠪᠥᠸᠧ ᠬᠡᠯᠡᠭᠰᠡᠨ ᠨᠢ᠂ ᠦᠬᠠᠢ ᠬᠤᠳᠠ ᠶᠢᠨ ᠬᠢᠨ ᠰᠢᠨ᠎ᠡ ᠡᠨᠧᠷᠭᠢ

ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠬᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ

ᠳᠡᠪᠰᠢᠭᠦᠯᠬᠦ ᠶᠢ ᠲᠦᠷᠭᠡᠳᠬᠡᠬᠦ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠰᠤᠷᠤᠯᠴᠠᠨ ᠲᠣᠯᠢᠳᠠᠵᠤ

ᠪᠣᠯᠬᠤᠶᠢᠴᠠ ᠮᠠᠰᠢ ᠤᠯᠠᠨ ᠲᠤᠷᠰᠢᠯᠭ᠎ᠠ ᠶᠢ ᠪᠦᠷᠢᠯᠳᠦᠭᠦᠯᠵᠦ᠂ ᠿᠦᠩ ᠴᠠᠩ ᠲᠣᠭᠤᠷᠢᠭ ᠤᠨ ᠠᠵᠤ ᠠᠬᠤᠢ

ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠰᠢᠭᠲᠠᠢ ᠯᠠᠪᠯᠠᠯᠲᠠ ᠬᠠᠩᠭᠠᠵᠠᠢ᠃ ᠬᠤᠶᠠᠷ ᠭᠠᠵᠠᠷ ᠤᠨ ᠬᠢᠨ

ᠤᠯᠤᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠨᠢᠭᠲᠠᠷᠠᠭᠤᠯᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂

ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶᠡᠨ ᠳᠤ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠬᠤᠶᠠᠷ

ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ

ᠪᠢᠴᠢᠭᠯᠡᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠢ᠃

     ᠲᠠᠩ ᠢ ᠿᠦᠩ ᠴᠠᠩ ᠲᠣᠭᠤᠷᠢᠭ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠦᠷᠦᠯᠴᠡᠨ ᠢᠷᠡᠭᠰᠡᠨ ᠢ

ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠳᠣᠬᠠᠨ ᠳᠤ᠂ ᠦᠬᠠᠢ ᠶᠠᠭ ᠰᠢ ᠶᠢᠨ ᠫᠢᠩ

ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ

ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ

ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ

ᠦᠭᠡᠢ ᠰᠠᠶᠢᠲᠤᠷ ᠵᠠᠮᠨᠠᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂

ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠯᠠᠪᠳᠠᠭᠤᠨ ᠪᠠᠲᠤᠲᠠᠢ ᠠᠯᠬᠤᠮ ᠢ ᠠᠯᠬᠤᠵᠤ ᠪᠠᠶᠢᠨ᠎ᠠ᠃ ᠿᠦᠩ

ᠴᠠᠩ ᠤᠨ ᠲᠡᠦᠬᠡ ᠰᠣᠶᠣᠯ ᠭᠦᠨ ᠵᠤᠵᠠᠭᠠᠨ᠂ ᠠᠵᠤ ᠦᠢᠯᠡᠳᠪᠦᠷᠢ ᠶᠢᠨ ᠠᠵᠤ ᠠᠬᠤᠶ ᠬᠦᠴᠦᠷᠬᠡᠭ ᠶᠡᠭᠡ᠂

ᠠᠷᠠᠳ ᠤᠨ ᠡᠵᠡᠩᠨᠡᠯᠲᠡ ᠶᠢᠨ ᠠᠵᠤ ᠠᠬᠤᠶ ᠬᠥᠭᠵᠢᠶᠡᠨᠲᠡᠶ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ

 ᠢᠶᠠᠨ ᠰᠢᠯᠢᠳᠡᠭᠵᠢᠭᠦᠯᠬᠦ᠂ ᠣᠲᠣ ᠦᠶ᠎ᠡ ᠶᠢᠨ ᠦᠢᠯᠡᠳᠬᠦ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠮᠠᠰᠢ ᠣᠯᠠᠨ

ᠲᠤᠷᠰᠢᠯᠭ᠎ᠠ ᠠᠷᠭ᠎ᠠ ᠬᠢᠳᠡᠯ ᠢ ᠨᠢ ᠰᠤᠷᠤᠯᠴᠠᠭᠤᠰᠢᠲᠠᠶ ᠶᠤᠮ᠃ ᠬᠤᠶᠠᠷ ᠭᠠᠵᠠᠷ ᠤᠨ ᠬᠢᠨ ᠰᠣᠯᠢᠯᠴᠠᠭ᠎ᠠ

ᠶᠠᠪᠤᠯᠴᠠᠭ᠎ᠠ ᠪᠠᠨ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠪᠠᠨ ᠴᠢᠩᠭᠠᠳᠬᠠᠵᠤ᠂ ᠠᠵᠤ

ᠦᠢᠯᠡᠰ ᠤᠨ ᠬᠥᠭᠵᠢᠯᠲᠡ᠂ ᠴᠢᠳᠠᠪᠤᠷᠢᠲᠠᠨ ᠤ ᠰᠣᠯᠢᠯᠴᠠᠭ᠎ᠠ᠂ ᠰᠣᠶᠣᠯ ᠤᠨ ᠦᠢᠯᠡᠳᠦᠯᠴᠡᠯ᠂ ᠠᠵᠤ ᠠᠬᠤᠢ

ᠠᠷᠠᠯᠵᠢᠶᠠᠨ ᠤ ᠶᠠᠪᠤᠯᠴᠠᠭ᠎ᠠ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ

ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号