ᠠᠷᠠᠳ ᠤᠨ ᠳᠠᠭᠤᠤ ᠶᠢᠨ ᠷᠢᠳᠢ ᠰᠢᠳᠢ ᠶᠢ ᠲᠡᠯᠭᠡᠨ ᠦᠵᠡᠬᠦᠯᠵᠦ  ᠭᠤᠶᠢᠳᠠ ᠰᠠᠶᠢᠬᠠᠨ ᠲᠤᠭᠯᠠᠯᠳᠠ ᠶᠢ ᠬᠦᠰᠡᠯ ᠲᠠᠯᠪᠢᠨ ᠪᠠᠷᠠᠯᠠᠨᠠᠮ
ᠨᠡᠶᠢᠲᠡᠯᠡᠭᠰᠡᠨ ᠴᠠᠭ᠄
2024/7/31
        — ᠬᠤᠲᠠ ᠶᠢᠨ ᠤᠳᠬ᠎ᠠ ᠤᠷᠠᠯᠢᠭ ᠤᠨ ᠬᠤᠯᠪᠤᠭᠠᠲᠤ ᠬᠤᠷᠠᠯ ᠤᠨ ᠲᠡᠷᠢᠭᠦᠯᠡᠭᠴᠢ ᠰᠦᠨ ᠯᠧ ᠶᠢ ᠰᠣᠷᠪᠣᠯᠵᠢᠯᠠᠭᠰᠠᠨ ᠨᠢ      7 ᠰᠠᠷ᠎ᠠ ᠶᠢᠨ 25 ᠤ ᠡᠳᠦᠷ᠂ ᠬᠤᠳᠠ ᠶᠢᠨ ᠤᠳᠬ᠎ᠠ ᠤᠷᠠᠯᠢᠭ ᠤᠨ ᠬᠤᠯᠪᠤᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠦᠨ ᠯᠧ ᠰᠤᠷᠪᠤᠯᠵᠢᠯᠠᠭᠴᠢ ᠶᠢᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠄ 8 ᠰᠠᠷ᠎ᠠ ᠶᠢᠨ 7 ᠤ ᠡᠳᠦᠷ ᠠᠴᠠ 11 ᠤ ᠡᠳᠦᠷ ᠪᠣᠯᠲᠠᠯ᠎ᠠ᠂ ︿ᠤᠮᠠᠷᠠᠲᠤ ᠬᠢᠯᠢ ᠪᠠᠨ ᠮᠠᠭᠰᠠᠨ ᠲᠠᠭᠤᠯᠠᠶ᠎ᠠ﹀ 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠦᠬᠠᠶ ᠨᠠᠭᠤᠷ ᠤᠨ ᠲᠣᠭᠯᠠᠯᠲᠠ ᠶᠢᠨ ᠠᠭᠤᠳᠠᠮ ᠲᠠᠯᠠᠪᠠᠶ ᠳᠤ ᠶᠠᠪᠤᠭᠳᠠᠬᠤ ᠪᠤᠯᠤᠨ᠎ᠠ᠃ ᠲᠤᠬᠠᠶ ᠶᠢᠨ ᠦᠶ᠎ᠡ ᠳᠤ᠂ ᠲᠩᠷᠢ᠂ ᠠᠨᠳᠠ ᠬᠠᠮᠲᠤᠯᠢᠭ᠂ ᠶᠠᠩ ᠢᠦᠶ ᠶᠢᠩ ᠵᠡᠷᠭᠡ ᠨᠠᠷᠠᠲᠤ ᠳᠠᠭᠤᠴᠢᠨ ᠬᠠᠲᠤᠨ ᠭᠤᠤᠯ ᠳᠠᠭᠠᠤ ᠶᠢᠨ ᠶᠢᠰᠦᠨ ᠮᠤᠵᠢ ᠣᠷᠣᠨ ᠤ ᠲᠣᠭᠯᠠᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠷᠠᠲᠤ ᠳᠠᠭᠤᠴᠢᠨ ᠪᠠ ᠬᠥᠭᠵᠢᠮ ᠤᠨ ᠬᠠᠮᠲᠤᠯᠢᠭ ᠵᠢᠴᠢ ᠪᠥᠬᠦ ᠤᠯᠤᠰ ᠤᠨ ᠡᠯ᠎ᠡ ᠭᠠᠵᠠᠷ ᠤᠨ ᠪᠠᠭᠠᠴᠤᠳ ᠬᠡᠤᠬᠡᠳ ᠤᠨ ᠲᠣᠭᠯᠠᠯᠲᠠ ᠶᠢᠨ ᠪᠦᠯᠬᠦᠮ ᠦᠬᠠᠶ ᠳᠤ ᠴᠤᠭᠯᠠᠷᠠᠵᠤ᠂ ᠥᠷᠭᠡᠨ ᠣᠯᠠᠨ ᠦᠵᠡᠭᠴᠢᠳ ᠲᠤ ᠭᠤᠶᠢᠳᠠ ᠰᠠᠶᠢᠬᠠᠨ ᠦᠵᠡᠵᠦ ᠰᠣᠨᠣᠰᠬᠤ ᠳᠤ ᠲᠠᠭᠠᠯᠠᠮᠵᠢᠳᠠᠢ ᠦᠪᠡᠳᠡᠭᠰᠢ ᠨᠠᠶᠢᠷ ᠢᠶᠠᠨ ᠡᠷᠭᠦᠬᠦ ᠪᠣᠯᠤᠨ᠎ᠠ ᠬᠡᠵᠡᠢ᠃      ᠰᠦᠨ ᠯᠧ ᠬᠡᠯᠡᠭᠰᠡᠨ ᠨᠢ᠂ 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠬᠡᠪᠴᠢᠶ᠎ᠡ ᠨᠡᠩ ᠶᠡᠭᠡ᠂ ᠦᠷᠭᠦᠯᠵᠢᠯᠡᠬᠦ ᠴᠠᠭ ᠨᠡᠩ ᠤᠷᠲᠤ᠂ ᠤᠬᠠᠭᠤᠯᠭ᠎ᠠ ᠶᠢᠨ ᠲᠠᠪᠴᠠᠩ ᠨᠡᠩ ᠥᠨᠳᠥᠷ ᠪᠣᠯᠪᠠ᠃ ᠡᠨᠡ ᠬᠤᠭᠤᠴᠠᠭᠠᠨ ᠳᠤ᠂ ᠡᠯᠪᠡᠭ ᠪᠠᠶᠠᠯᠢᠭ ᠠᠭᠤᠯᠭ᠎ᠠ ᠲᠠᠢ ᠰᠣᠶᠣᠯ ᠬᠤᠳᠠᠯᠳᠤᠭ᠎ᠠ ᠶᠢ ᠢᠵᠢ ᠪᠦᠷᠢᠳᠦᠭᠦᠯᠦᠭᠰᠡᠨ ᠠᠵᠢᠯᠯᠠᠭ᠎ᠠ ᠲᠠᠢ ᠪᠠᠶᠢᠵᠤ᠂ ᠦᠬᠠᠢ ᠶᠢᠨ ᠥᠪᠡᠷᠮᠢᠴᠡ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢ ᠨᠤᠴᠤᠭᠠᠨ᠎ᠠ ᠪᠠᠷ ᠭᠤᠣᠯ ᠪᠤᠯᠭᠠᠵᠤ ᠵᠢᠷᠤᠵᠤ ᠲᠥᠯᠥᠪᠯᠡᠭᠰᠡᠨ ᠴᠠᠰᠤᠲᠤ ᠪᠣᠭᠤᠷᠰᠤᠭ᠂ ᠮᠠᠯᠠᠭᠠᠢ ᠵᠡᠷᠭᠡ ᠠᠮᠢᠳᠤᠷᠠᠯ ᠤᠨ ᠡᠷᠬᠢᠨ ᠲᠣᠭᠤᠷᠢᠨ ᠤ ᠪᠦᠲᠦᠭᠡᠭᠳᠡᠬᠦᠨ ᠨᠢ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠬᠤ ᠪᠤᠯᠤᠨ᠎ᠠ᠃ 8 ᠰᠠᠷ᠎ᠠ ᠶᠢᠨ 10 ᠤ ᠡᠳᠦᠷ ᠤᠨ ᠲᠤᠰᠬᠠᠶ ᠰᠡᠳᠦᠪᠲᠦ ᠳᠠᠭᠤᠤ ᠬᠥᠭᠵᠢᠮ ᠤᠨ ᠲᠣᠭᠯᠠᠯᠲᠠ ᠶᠢ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ︽ᠳᠣᠯᠣᠭᠠᠨ ᠰᠠᠷ᠎ᠠ ᠶᠢᠨ ᠳᠣᠯᠣᠭᠠᠨ ᠤ ᠪᠠᠶᠠᠷ︾ ᠲᠠᠢ ᠤᠶᠠᠯᠳᠤᠭᠤᠯᠵᠤ᠂ ᠠᠷᠠᠳ ᠤᠨ ᠳᠠᠭᠤᠤ ᠶᠢ ᠰᠣᠨᠣᠰᠴᠤ᠂ ᠬᠠᠶᠢᠷ᠎ᠠ ᠶᠢᠨ ᠳᠠᠭᠤᠤ ᠳᠠᠭᠤᠯᠠᠵᠤ᠂ ᠭᠤᠣᠯ ᠤᠨ ᠳ᠋ᠧᠩ ᠬᠦᠪᠦᠬᠦᠯᠵᠦ᠂ ᠠᠷᠠᠳ ᠤᠨ ᠳᠠᠭᠤᠤ ᠶᠢ ᠤᠯᠠᠮᠵᠢᠯᠠᠯᠲᠤ ᠰᠣᠶᠣᠯ ᠤᠨ ᠣᠨᠴᠠᠯᠢᠭ ᠲᠠᠢ ᠪᠣᠯᠭᠠᠨ᠎ᠠ ᠭᠡᠵᠡᠢ᠃      ᠰᠦᠨ ᠯᠧ ᠬᠡᠯᠡᠭᠰᠡᠨ ᠨᠢ᠂ ᠲᠣᠰ ᠤᠳᠠᠭᠠᠨ ᠤ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠬᠡᠪ ᠨᠠᠮᠪᠠ᠂ ᠠᠳᠠᠯᠢ ᠪᠤᠰᠤ ᠲᠥᠷᠥᠯ ᠵᠦᠢᠯ ᠤᠨ ᠠᠷᠠᠳ ᠤᠨ ᠳᠠᠭᠤᠤ ᠶᠢ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠤᠮᠠᠷᠠᠲᠤ ᠶᠢᠨ ᠡᠬᠡ ᠭᠠᠵᠠᠷ ᠲᠤ ᠦᠨᠳᠦᠰᠦᠯᠡᠭᠰᠡᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠢᠨ᠎ᠡ ᠴᠠᠭ ᠦᠶ᠎ᠡ ᠳᠤ ᠠᠮᠢᠯᠠᠭᠤᠯᠵᠤ᠂ ᠬᠥᠭᠵᠢᠭᠡᠵᠦ᠂ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠤᠮᠠᠷᠠᠲᠤ ᠬᠢᠯᠢ ᠶᠢᠨ ᠰᠣᠶᠣᠯ ᠤᠨ ᠬᠦᠴᠦᠨ ᠢᠶᠠᠨ ᠨᠡᠮᠡᠷᠢᠯᠡᠬᠦ ᠪᠤᠯᠤᠨ᠎ᠠ᠃ ᠫᠷᠦᠭᠷᠡᠮ ᠤᠨ ᠬᠡᠯᠪᠡᠷᠢ ᠨᠢ ᠭᠠᠵᠠᠷ ᠣᠷᠣᠨ ᠤ ᠬᠠᠷᠢᠶᠠᠲᠤ ᠴᠢᠨᠠᠷ ᠪᠠ ᠠᠷᠠᠳ ᠤᠨ ᠳᠠᠭᠤᠤ ᠶᠢᠨ ᠲᠥᠷᠥᠯ ᠵᠦᠢᠯ ᠢ ᠬᠠᠮᠲᠤ ᠳᠤᠨᠢ ᠬᠠᠷᠠᠭᠠᠯᠵᠠᠵᠤ᠂ ᠤᠤᠯ ᠠᠷᠠᠳ ᠤᠨ ᠳᠠᠭᠤᠤ᠂ ᠰᠣᠩᠭᠤᠳᠠᠭ ᠠᠷᠠᠳ ᠤᠨ ᠳᠠᠭᠤᠤ᠂ ᠵᠤᠬᠢᠶᠠᠨ ᠨᠠᠶᠢᠷᠠᠭᠤᠯᠤᠭᠰᠠᠨ ᠠᠷᠠᠳ ᠤᠨ ᠳᠠᠭᠤᠤ ᠶᠢ ᠬᠠᠮᠤᠷᠴᠤ᠂ ᠡᠯ᠎ᠡ ᠦᠨᠳᠦᠰᠦᠲᠡᠨ᠂ ᠡᠯ᠎ᠡ ᠭᠠᠵᠠᠷ ᠣᠷᠣᠨ ᠤ ᠣᠨᠴᠠᠯᠢᠭ ᠲᠠᠢ ᠠᠷᠠᠳ ᠤᠨ ᠳᠠᠭᠤᠤ ᠶᠢᠨ ᠥᠪᠡᠷᠮᠢᠴᠡ ᠷᠢᠳᠢ ᠰᠢᠳᠢ ᠶᠢ ᠭᠦᠢᠴᠡᠳ ᠳᠡᠯᠭᠡᠨ ᠦᠵᠡᠭᠦᠯᠵᠦ᠂ ᠳᠦᠷᠰᠦᠯᠢᠭ ᠪᠦᠲᠦᠮᠵᠢᠲᠡᠢ ᠠᠵᠢᠯᠯᠠᠭ᠎ᠠ ᠶᠢᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠨ᠎ᠠ ᠭᠡᠵᠡᠢ᠃      ᠰᠦᠨ ᠯᠧ ᠢᠯᠡᠷᠭᠡᠶᠢᠯᠡᠭᠰᠡᠨ ᠨᠢ᠂ ᠰᠣᠶᠣᠯ ᠤᠨ ᠬᠦᠴᠦᠷᠬᠡᠭ ᠤᠯᠤᠰ ᠲᠤ ᠠᠩᠬᠠᠷᠤᠯ ᠢᠶᠠᠨ ᠲᠥᠪᠯᠡᠷᠡᠭᠦᠯᠵᠦ  ᠤᠯᠠᠮᠵᠢᠯᠠᠯᠲᠤ ᠠᠷᠠᠳ ᠤᠨ ᠳᠠᠭᠤᠤ ᠶᠢ ᠬᠠᠩᠬᠢᠨᠠᠳᠠᠯ᠎ᠠ ᠲᠠᠭᠤᠯᠠᠨᠠᠮ᠃ ᠦᠵᠡᠰᠬᠦᠯᠡᠩᠲᠦ ᠰᠠᠶᠢᠬᠠᠨ ᠦᠬᠠᠢ ᠨᠠᠭᠤᠷ ᠤᠨ ᠬᠥᠪᠡᠭᠡᠨ ᠳᠤ ᠤᠮᠠᠷᠠᠲᠤ ᠬᠢᠯᠢ ᠶᠢᠨ ᠠᠷᠠᠳ ᠤᠨ ᠳᠠᠭᠤᠤ ᠶᠢ ᠬᠠᠩᠭᠢᠨᠠᠭᠤᠯᠵᠤ᠂ ᠦᠬᠠᠢ ᠶᠢᠨ ᠲᠤᠰ ᠭᠠᠵᠠᠷ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠲᠦᠪᠰᠢᠨ ᠢᠶᠠᠨ ᠳᠡᠭᠡᠭᠰᠢᠯᠡᠭᠦᠯᠬᠦ᠂ ᠤᠷᠠᠯᠢᠭ ᠤᠨ ᠠᠪᠢᠶᠠᠰ ᠪᠢᠯᠢᠭ ᠢᠶᠠᠨ ᠬᠥᠭᠵᠢᠭᠡᠬᠦ ᠳᠤ ᠳᠡᠭᠡᠳᠦ ᠲᠡᠰ ᠳᠠᠪᠬᠤᠷᠭ᠎ᠠ ᠶᠢᠨ ᠰᠣᠯᠢᠯᠴᠠᠭᠠᠨ ᠤ ᠲᠠᠪᠴᠠᠩ ᠬᠠᠩᠭᠠᠬᠤ ᠪᠠᠷ ᠪᠠᠷᠠᠬᠤ ᠦᠭᠡᠢ᠂ ᠪᠠᠰᠠ ᠴᠤ ᠦᠬᠠᠢ ᠶᠢᠨ ᠲᠦᠷᠢ ᠲᠥᠷᠬᠦ ᠪᠠᠨ ᠳᠡᠯᠭᠡᠨ ᠦᠵᠡᠭᠦᠯᠬᠦ᠂ ᠦᠬᠠᠢ ᠶᠢᠨ ᠨᠡᠷ᠎ᠡ ᠠᠯᠳᠠᠷᠰᠢᠯ ᠢᠶᠠᠨ ᠥᠷᠭᠡᠳᠬᠡᠬᠦ᠂ ᠦᠬᠠᠢ ᠶᠢᠨ ᠨᠡᠷ᠎ᠡ ᠠᠯᠳᠠᠷᠰᠢᠯ ᠢᠶᠠᠨ ᠨᠡᠮᠡᠭᠳᠡᠬᠦᠯᠬᠦ ᠰᠠᠶᠢᠨ ᠠᠵᠠ ᠲᠣᠬᠢᠶᠠᠯ ᠪᠤᠯᠵᠤ᠂ ᠪᠢᠳᠡ ᠡᠨᠡᠬᠦ ︽ᠠᠷᠠᠳ ᠤᠨ ᠳᠠᠭᠤᠤ ᠶᠢᠨ ᠫᠠᠶᠢᠰᠠ︾ ᠳᠤ ᠦᠬᠠᠢ ᠶᠢᠨ ᠲᠠᠮᠠᠭ᠎ᠠ ᠶᠢ ᠳᠠᠷᠤᠵᠤ᠂ ᠦᠬᠠᠢ ᠶᠢᠨ ᠲᠠᠭᠤᠨ ᠢ ᠳᠠᠮᠵᠢᠭᠤᠯᠤᠨ᠎ᠠ᠃ ᠪᠢᠳᠡ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠤᠰ ᠣᠳᠠᠭᠠᠨ ᠤ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠢ ᠨᠢᠭᠡ ᠣᠳᠠᠭᠠᠨ ᠤ ᠥᠨᠳᠥᠷ ᠲᠦᠪᠰᠢᠨ ᠲᠠᠢ᠂ ᠦᠪᠡᠷᠮᠢᠴᠡ ᠣᠨᠴᠠᠯᠢᠭ ᠲᠠᠢ ᠰᠣᠶᠣᠯ ᠤᠨ ᠦᠪᠡᠳᠡᠭᠰᠢ ᠴᠤᠭᠯᠠᠭᠠᠨ ᠪᠣᠯᠭᠠᠨ ᠡᠷᠬᠢᠯᠡᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号