2024 ᠣᠨ ᠤ ᠦᠬᠠᠶ ᠬᠤᠲᠠ ᠶᠢᠨ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠷ᠎ᠠ︾ ᠵᠢᠴᠢ ︽ᠪᠥᠬᠦ ᠤᠯᠤᠰ ᠤᠨ ᠮᠢᠭᠮᠡᠨ ᠰᠢᠲᠠᠷ᠎ᠠ ᠶᠢᠨ ᠨᠤᠲᠤᠭ︾ ᠤᠨ ᠮᠢᠭᠮᠡᠨ ᠰᠢᠲᠠᠷ᠎ᠠ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/7/31
     7 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠲᠠ ᠶᠢᠨ ᠰᠢᠶᠦ᠋ᠩ ᠱᠢ ᠮᠢᠭᠮᠡᠨ ᠰᠢᠲᠠᠷ᠎ᠠ ᠶᠢᠨ ᠨᠡᠶᠢᠭᠡᠮᠯᠢᠭ ᠠᠴᠠ ᠲᠠᠭᠠᠭᠠᠴᠢᠯᠠᠨ ᠡᠷᠭᠢᠯᠡᠭᠰᠡᠨ 2024 ᠣᠨ ᠤ ᠦᠬᠠᠶ ᠬᠤᠲᠠ ᠶᠢᠨ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠷ᠎ᠠ︾ ᠵᠢᠴᠢ ︽ᠪᠥᠬᠦ ᠤᠯᠤᠰ ᠤᠨ ᠮᠢᠭᠮᠡᠨ ᠰᠢᠲᠠᠷ᠎ᠠ ᠶᠢᠨ ᠨᠤᠲᠤᠭ︾ ᠤᠨ ᠮᠢᠭᠮᠡᠨ ᠰᠢᠲᠠᠷ᠎ᠠ ᠶᠢᠨ ᠤᠷᠤᠯᠳᠤᠭᠠᠨ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠶᠠᠪᠤᠭᠳᠠᠵᠤ᠂ ᠲᠣᠰ ᠤᠳᠠᠭᠠᠨ ᠤ ᠤᠷᠤᠯᠳᠤᠭᠠᠨ ᠳᠤ ᠱᠠᠨᠳᠦ᠋ᠩ᠂ ᠭᠠᠨᠰᠦ᠂ ᠱᠠᠨ ᠰᠢ ᠵᠡᠷᠭᠡ 19 ᠮᠤᠵᠢ ᠬᠤᠲᠠ ᠶᠢᠨ 800 ᠭᠠᠷᠤᠶ ᠮᠢᠭᠮᠡᠨ ᠰᠢᠲᠠᠷ᠎ᠠ ᠶᠢᠨ ᠳᠤᠷ᠎ᠠ ᠪᠠᠭ᠋ᠠᠲᠠᠶ ᠬᠥᠮᠦᠰ ᠣᠷᠣᠯᠴᠠᠪᠠ᠃      ᠤᠢᠢᠷ᠎ᠠ ᠶᠢᠨ ᠵᠢᠯ ᠠᠴᠠ ᠨᠠᠰᠢ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢᠯᠡᠳᠲᠡ ᠠᠮᠵᠢᠯᠲᠠ ᠣᠯᠵᠠᠢ᠃ 2016 ᠣᠨ ᠤ 9 ᠰᠠᠷ᠎ᠠ ᠳᠤ᠂ ᠳᠤᠮᠳᠠᠳᠤ ᠤᠯᠤᠰ ᠤᠨ ᠮᠢᠭᠮᠡᠨ ᠰᠢᠲᠠᠷ᠎ᠠ ᠶᠢᠨ ᠨᠡᠶᠢᠭᠡᠮᠯᠢᠭ ᠡᠴᠡ‌ᠮᠠᠨ ᠤ ᠬᠤᠲᠠ ᠳᠤ ︽ᠪᠦᠬᠦ ᠤᠯᠤᠰ ᠤᠨ ᠮᠢᠭᠮᠡᠨ ᠰᠢᠲᠠᠷ᠎ᠠ ᠶᠢᠨ ᠨᠤᠲᠤᠭ︾ ᠬᠡᠮᠡᠬᠦ ᠴᠣᠯᠠ ᠣᠯᠭᠤᠪᠠ᠃ ᠣᠳᠣᠬᠠᠨ ᠳᠤ᠂ ᠮᠠᠨ ᠤ ᠬᠤᠲᠠ ᠶᠢᠨ ᠮᠢᠭᠮᠡᠨ ᠰᠢᠲᠠᠷ᠎ᠠ ᠶᠢᠨ ᠨᠡᠶᠢᠭᠡᠮᠯᠢᠭ ᠲᠤ ᠨᠢᠭᠡᠨᠲᠡ ᠲᠤᠰᠬᠠᠶ ᠮᠡᠷᠭᠡᠵᠢᠯ ᠤᠨ ᠮᠢᠭᠮᠡᠨ ᠰᠢᠲᠠᠷ᠎ᠠ ᠶᠢᠨ ᠪᠣᠯᠪᠠᠰᠤᠷᠠᠭᠤᠯᠤᠯ ᠤᠨ ᠪᠠᠭᠰᠢ 42 ᠨᠡᠷᠡᠰ᠂ ᠲᠤᠰᠬᠠᠶ ᠮᠡᠷᠭᠡᠵᠢᠯ ᠤᠨ ᠤᠷᠤᠯᠳᠤᠭᠠᠨ ᠤ ᠦᠢᠯᠡᠴᠢᠯᠡᠭᠡᠨ ᠤ ᠠᠵᠢᠯᠲᠠᠨ 53 ᠨᠡᠷᠡᠰ ᠪᠠᠶᠢᠵᠤ᠂ ᠵᠢᠯ ᠪᠦᠷᠢ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠮᠡᠷᠭᠡᠵᠢᠯ ᠤᠨ ᠪᠣᠰᠣ ᠤᠷᠤᠯᠳᠤᠭᠠᠨ ᠤ ᠠᠵᠢᠯᠯᠠᠭ᠎ᠠ ᠶᠢ 10 ᠭᠠᠷᠤᠶ ᠤᠳᠠᠭ᠎ᠠ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠵᠢᠴᠢ ᠪᠥᠬᠦ ᠤᠯᠤᠰ ᠤᠨ ᠴᠢᠨᠠᠷᠲᠠᠶ ᠤᠷᠤᠯᠳᠤᠭᠠᠨ ᠳᠤ 10 ᠭᠠᠷᠤᠶ ᠤᠳᠠᠭ᠎ᠠ ᠣᠷᠣᠯᠴᠠᠵᠤ᠂ ᠨᠡᠶᠢᠭᠡᠮᠯᠢᠭ ᠤᠨ ᠭᠡᠰᠢᠭᠦᠨ 2000 ᠭᠠᠷᠤᠶ ᠬᠥᠮᠦᠨ᠂ ᠵᠢᠯ ᠪᠦᠷᠢ ᠮᠢᠭᠮᠡᠨ ᠰᠢᠲᠠᠷ᠎ᠠ ᠶᠢᠨ ᠬᠥᠳᠡᠯᠭᠡᠭᠡᠨ ᠳᠤ ᠣᠷᠣᠯᠴᠠᠭᠰᠠᠨ ᠬᠥᠮᠦᠨ ᠤ ᠲᠤᠭ᠎ᠠ 2 ᠲᠦᠮᠡ ᠰᠢᠬᠠᠮ ᠬᠦᠷᠦᠭᠰᠡᠨ ᠪᠠᠶᠢᠨ᠎ᠠ᠃      ᠮᠠᠨ ᠤ ᠬᠤᠲᠠ ᠮᠢᠭᠮᠡᠨ ᠰᠢᠲᠠᠷ᠎ᠠ ᠶᠢᠨ ᠲᠥᠷᠥᠯ ᠵᠦᠢᠯ ᠢ ᠲᠦᠭᠡᠮᠡᠯᠵᠢᠭᠦᠯᠬᠦ ᠪᠠ ᠬᠥᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠮᠢᠭᠮᠡᠨ ᠰᠢᠲᠠᠷ᠎ᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠵᠤ᠂ ᠮᠢᠭᠮᠡᠨ ᠰᠢᠲᠠᠷ᠎ᠠ ᠶᠢᠨ ᠬᠥᠳᠡᠯᠭᠡᠭᠡᠨ ᠤ ᠨᠡᠶᠢᠭᠡᠮ ᠤᠨ ᠨᠥᠯᠥᠭᠡᠯᠡᠬᠦ ᠬᠦᠴᠦᠨ ᠢ ᠥᠷᠭᠡᠳᠬᠡᠵᠦ᠂ ᠮᠢᠭᠮᠡᠨ ᠰᠢᠲᠠᠷ᠎ᠠ ᠶᠢᠨ ᠦᠢᠯᠡᠰ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号