ᠳᠤᠮᠳᠠᠳᠤ ᠤᠯᠤᠰ ᠤᠨ ᠰᠢᠯᠦᠭ ᠠᠷᠢᠬᠢᠨ ᠤ ᠰᠣᠶᠣᠯ ᠤᠨ ᠨᠡᠶᠢᠭᠡᠮᠯᠢᠭ ᠤᠨ ᠦᠵᠦᠮ ᠤᠨ ᠠᠷᠢᠬᠢ ᠶᠢᠨ ᠲᠤᠰᠬᠠᠢ ᠵᠥᠪᠯᠡᠯ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/7/31
     7 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠰᠢᠯᠦᠭ ᠠᠷᠢᠬᠢᠨ ᠤ ᠰᠣᠶᠣᠯ ᠤᠨ ᠨᠡᠶᠢᠭᠡᠮᠯᠢᠭ ᠤᠨ ᠦᠵᠦᠮ ᠤᠨ ᠠᠷᠢᠬᠢ ᠶᠢᠨ ᠲᠤᠰᠬᠠᠶ ᠵᠥᠪᠯᠡᠯ ᠪᠠᠶᠢᠭᠤᠯᠤᠭᠳᠠᠬᠤ ᠶᠡᠭᠡ ᠬᠤᠷᠠᠯ ᠮᠠᠨ ᠤ ᠬᠤᠲᠠ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠸᠢ ᠶᠦᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃      ᠮᠧᠩ ᠫᠸᠢ ᠶᠦᠨ ᠪᠠᠶᠠᠷ ᠤᠨ ᠦᠭᠡ ᠳᠡᠭᠡᠨ ᠬᠡᠯᠡᠭᠰᠡᠨ ᠨᠢ᠂ ᠣᠶᠢᠷ᠎ᠠ ᠶᠢᠨ ᠵᠢᠯ ᠠᠴᠠ ᠨᠠᠰᠢ᠂ ᠦᠬᠠᠶ ᠲᠣᠰ ᠪᠡᠶ᠎ᠡ ᠶᠢᠨ ᠳᠠᠪᠠᠭᠤᠯᠢᠭ ᠨᠥᠬᠦᠴᠡᠯ ᠳᠡᠭᠡᠨ ᠰᠠᠭᠤᠷᠢᠯᠠᠨ᠂ ᠦᠵᠦᠮ ᠤᠨ ᠲᠠᠷᠢᠯᠳᠠ᠂ ᠦᠵᠦᠮ ᠤᠨ ᠠᠷᠢᠬᠢ ᠶᠢᠨ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠣᠳᠣᠬᠠᠨ ᠳᠤ ᠪᠥᠬᠦ ᠬᠤᠲᠠ ᠳᠤ ᠨᠡᠶᠢᠲᠡ 120 ᠭᠠᠷᠤᠶ ᠦᠵᠦᠮ ᠤᠨ ᠲᠥᠷᠥᠯ ᠵᠦᠢᠯ᠂ 3 ᠲᠦᠮᠡ ᠭᠠᠷᠤᠶ ᠮᠥ ᠳᠠᠷᠢᠬᠤ ᠲᠠᠯᠠᠪᠠᠶ ᠲᠠᠢ᠂ ᠦᠵᠦᠮ ᠤᠨ ᠠᠷᠢᠬᠢ ᠶᠢᠨ ᠵᠢᠯ ᠤᠨ ᠦᠢᠯᠡᠳᠪᠦᠷᠢᠯᠡᠵᠦ ᠡᠳ᠋ᠰᠢᠭᠦᠯᠬᠦ ᠴᠢᠳᠠᠪᠤᠷᠢ 1.4 ᠲᠦᠮᠡᠨ ᠲᠣᠨ ᠳᠤ ᠬᠦᠷᠴᠦ᠂ ᠦᠵᠦᠮ ᠪᠠ ᠦᠵᠦᠮ ᠤᠨ ᠠᠷᠢᠬᠢ ᠣᠯᠠᠨ ᠤᠯᠤᠰ ᠤᠨ ᠶᠡᠭᠡ ᠱᠠᠩᠨᠠᠯ ᠢ ᠣᠯᠠᠨ ᠤᠳᠠᠭ᠎ᠠ ᠭᠥᠷᠳᠡᠵᠦ᠂ ︽ᠦᠬᠠᠶ ᠶᠢᠨ ᠦᠵᠦᠮ︾ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢᠯᠡᠯ ᠤᠨ ᠲᠠᠸᠠᠷ ᠤᠨ ᠲᠡᠮᠳᠡᠭ ᠢ ᠣᠯᠵᠤ᠂ ᠦᠬᠠᠶ ᠶᠢ ᠪᠷᠦ᠋ᠼᠧᠯ ᠤᠨ ᠣᠯᠠᠨ ᠤᠯᠤᠰ ᠤᠨ ᠠᠷᠢᠬᠢᠨ ᠤ ᠦᠨᠡᠯᠡᠭᠡ ᠶᠢᠨ ᠨᠡᠶᠢᠭᠡᠮᠯᠢᠭ ᠠᠴᠠ ᠳᠡᠯᠡᠬᠡᠶ ᠶᠢᠨ ᠡᠯᠡᠰᠦᠨ ᠴᠥᠯ ᠤᠨ ᠦᠵᠦᠮ ᠤᠨ ᠠᠷᠢᠬᠢ ᠶᠢᠨ ᠤᠷᠤᠯᠳᠤᠭᠠᠨ ᠤ ᠡᠭᠦᠷᠢᠳᠡ ᠶᠢᠨ ᠡᠷᠭᠢᠯᠡᠬᠦ ᠭᠠᠵᠠᠷ ᠢᠶᠠᠷ ᠲᠣᠭᠲᠠᠭᠠᠵᠤ᠂ ᠡᠯᠡᠰᠦᠨ ᠴᠦᠯ ᠤᠨ ᠦᠵᠦᠮ ᠤᠨ ᠠᠷᠢᠬᠢ ᠨᠢ ᠦᠬᠠᠶ ᠶᠢᠨ ᠬᠤᠲᠠ ᠶᠢᠨ ᠳᠦᠷᠢ ᠲᠥᠷᠬᠦ ᠶᠢ ᠳᠡᠯᠭᠡᠨ ᠦᠵᠡᠭᠦᠯᠬᠦ᠂ ᠰᠣᠶᠣᠯ ᠤᠨ ᠳᠦᠷᠰᠦ ᠪᠠᠶᠢᠳᠠᠯ ᠢ ᠳᠠᠮᠵᠢᠭᠤᠯᠬᠤ᠂ ᠬᠤᠲᠠ ᠶᠢᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠬᠦ ᠠᠯᠲᠠᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ ᠪᠢᠳᠡ ᠡᠯ᠎ᠡ ᠡᠲᠡᠭᠡᠳ ᠤᠨ ᠨᠠᠶᠢᠵᠠ ᠨᠠᠷ ᠤᠨ ᠠᠷᠢᠬᠢ ᠪᠠᠷ ᠵᠠᠭᠤᠴᠢ ᠪᠣᠯᠭᠠᠵᠤ᠂ ᠰᠢᠯᠦᠭ ᠢᠶᠠᠷ ᠰᠠᠨᠠᠭ᠎ᠠ ᠪᠠᠨ ᠢᠯᠡᠳᠬᠡᠵᠦ᠂ ᠦᠬᠠᠢ ᠳᠤ ᠢᠷᠡᠵᠤ ᠬᠠᠮᠲᠤᠷᠠᠯᠴᠠᠭ᠎ᠠ ᠶᠢ ᠬᠠᠮᠲᠤᠪᠠᠷ ᠶᠠᠷᠢᠯᠴᠠᠵᠤ᠂ ᠬᠥᠭᠵᠢᠯᠲᠡ ᠶᠢ ᠬᠠᠮᠲᠤᠪᠠᠷ ᠡᠷᠢᠯᠬᠢᠯᠡᠵᠦ᠂ ᠦᠬᠠᠢ ᠯᠦᠭᠡ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠬᠦᠰᠡᠯ ᠵᠡᠭᠦᠳᠦ ᠪᠠᠨ ᠲᠡᠷᠭᠡᠯᠰᠢᠭᠦᠯᠦᠨ ᠤᠷᠤᠭᠰᠢᠯᠠᠵᠤ᠂ ᠰᠢᠨ᠎ᠡ ᠠᠶᠠᠨ ᠵᠠᠮ ᠳᠤ ᠰᠢᠨ᠎ᠡ ᠰᠡᠳᠬᠢᠴᠡ ᠪᠠᠨ ᠬᠠᠮᠲᠤᠪᠠᠷ ᠵᠥᠪᠳᠡᠯᠴᠡᠵᠦ᠂ ᠰᠢᠨ᠎ᠡ ᠵᠢᠷᠤᠭ ᠲᠥᠯᠥᠪᠯᠡᠭᠡ ᠶᠢ ᠬᠠᠮᠲᠤᠪᠠᠷ ᠵᠢᠷᠤᠭᠯᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ ᠭᠡᠵᠡᠢ᠃      ᠬᠤᠷᠠᠯ ᠳᠡᠭᠡᠷ᠎ᠡ᠂ ᠳᠤᠮᠳᠠᠳᠤ ᠤᠯᠤᠰ ᠤᠨ ᠰᠢᠯᠦᠭ ᠠᠷᠢᠬᠢᠨ ᠤ ᠰᠣᠶᠣᠯ ᠤᠨ ᠨᠡᠶᠢᠭᠡᠮᠯᠢᠭ ᠤᠨ ᠦᠵᠦᠮ ᠤᠨ ᠠᠷᠢᠬᠢ ᠶᠢᠨ ᠲᠤᠰᠬᠠᠶ ᠵᠥᠪᠯᠡᠯ ᠤᠨ ᠫᠠᠶᠢᠰᠠ ᠢᠯᠡᠷᠬᠡᠶᠢᠯᠡᠯ ᠢ ᠣᠯᠭᠤᠭᠰᠠᠨ ᠪᠥᠭᠡᠳ ᠲᠤᠰᠬᠠᠶ ᠵᠥᠪᠯᠡᠯ ᠤᠨ ᠡᠷᠬᠢᠯᠡᠭᠴᠢ᠂ ᠪᠠᠶᠢᠩᠭᠤ ᠶᠢᠨ ᠳᠡᠳ᠋ ᠡᠷᠬᠢᠯᠡᠭᠴᠢ᠂ ᠳᠡᠳ᠋ ᠡᠷᠬᠢᠯᠡᠭᠴᠢ᠂ ᠨᠠᠷᠢᠨ ᠪᠢᠴᠢᠭ ᠤᠨ ᠳᠠᠷᠤᠭ᠎ᠠ ᠪᠣᠯᠤᠨ ᠳᠡᠳ᠋ ᠨᠠᠷᠢᠨ ᠪᠢᠴᠢᠭ ᠤᠨ ᠳᠠᠷᠤᠭ᠎ᠠ ᠳᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠬᠤᠯᠪᠣᠭᠳᠠᠯ ᠪᠦᠬᠦᠢ ᠬᠦᠷᠢᠶᠡᠨ ᠤ ᠲᠤᠰᠬᠠᠶ ᠮᠡᠷᠭᠡᠵᠢᠯᠲᠡᠳ ︽ᠭᠤᠷᠪᠠᠨ ᠠᠵᠤ ᠦᠢᠯᠡᠰ ᠢ ᠠᠭᠤᠰᠤᠯᠴᠠᠭᠤᠯᠵᠤ ᠳᠤᠮᠳᠠᠳᠤ ᠤᠯᠤᠰ ᠤᠨ ᠦᠵᠦᠮ ᠤᠨ ᠠᠷᠢᠬᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠶ᠎ᠠ︾ ︽ᠳᠤᠮᠳᠠᠳᠤ ᠤᠯᠤᠰ ᠤᠨ ᠦᠵᠦᠮ ᠤᠨ ᠠᠷᠢᠬᠢ ᠶᠢᠨ ᠵᠠᠬ᠎ᠠ ᠳᠡᠯᠭᠡᠭᠦᠷ ᠤᠨ ᠣᠳᠣᠬᠢ ᠪᠠᠶᠢᠳᠠᠯ ᠪᠣᠯᠤᠨ ᠠᠷᠭᠠᠴᠠᠭᠠᠬᠤ ᠪᠤᠲᠤᠯᠭ᠎ᠠ︾ ᠵᠡᠷᠭᠡ ᠲᠠᠯ᠎ᠠ ᠪᠠᠷ ᠭᠤᠤᠯ ᠰᠡᠳᠦᠪᠲᠦ ᠶᠠᠷᠢᠶ᠎ᠠ ᠲᠠᠯᠪᠢᠪᠠ᠃ ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠳ ᠮᠠᠨ ᠤ ᠬᠤᠲᠠ ᠶᠢᠨ ᠦᠵᠦᠮ ᠤᠨ ᠠᠷᠢᠭᠢ ᠶᠢᠨ ᠡᠳ᠋ᠯᠡᠩ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠲᠣᠭᠤᠷᠢᠨ ᠦᠵᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号