ᠲᠠᠩ ᠢ ᠬᠤᠸᠠ ᠨᠧᠩ ᠤᠨ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠴᠧᠨ ᠪᠢᠩ ᠬᠤᠸᠠ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/4
     7 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠸᠠ ᠨᠧᠩ ᠤᠨ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠴᠧᠨ ᠪᠢᠩ ᠬᠤᠸᠠ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ ᠢᠶᠠᠨ ᠰᠣᠯᠢᠯᠴᠠᠵᠤ ᠵᠥᠪᠳᠡᠯᠴᠡᠪᠡ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ ᠣᠷᠣᠯᠴᠠᠪᠡ᠃      ᠲᠠᠩ ᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠴᠧᠨ ᠪᠢᠩ ᠬᠤᠸᠠ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠤᠸᠠ ᠨᠧᠩ ᠤᠨ ᠤᠮᠠᠷᠠᠲᠤ ᠶᠢᠨ ᠴᠠᠬᠢᠯᠭᠠᠨ ᠬᠦᠴᠦᠨ ᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠮᠠᠨ ᠤ ᠬᠤᠳᠠ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠳᠣᠬᠠᠨ ᠳᠤ᠂ ᠦᠬᠠᠢ ᠶᠠᠭ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠪᠣᠯ ᠦᠬᠠᠢ ᠶᠢᠨ ᠬᠥᠭᠵᠢᠯᠲᠡ ᠶᠢᠨ ᠭᠤᠣᠯᠳᠠᠯᠭ᠎ᠠ ᠲᠠᠢ ᠴᠢᠭᠯᠡᠯ ᠪᠣᠯᠤᠨ᠎ᠠ᠂ ᠣᠨᠴᠠᠭᠠᠶᠢᠯᠠᠨ ᠰᠢᠨ᠎ᠡ ᠡᠨᠧᠷᠭᠢ ᠶᠢ ᠰᠢᠩᠭᠡᠭᠡᠨ ᠠᠪᠬᠤ ᠲᠠᠯ᠎ᠠ ᠪᠠᠷ᠂ ᠦᠬᠠᠢ ᠶᠢᠨ ᠡᠷᠬᠢᠨ ᠲᠣᠭᠤᠷᠢᠨ ᠤ ᠪᠣᠬᠢᠷᠲᠤᠯ ᠦᠭᠡᠢ ᠡᠨᠧᠷᠭᠢ ᠡᠯᠪᠡᠭ᠂ ᠬᠦᠷᠭᠡᠬᠦ ᠵᠠᠶ ᠨᠢ ᠣᠬᠤᠷ᠂ ᠵᠠᠯᠭᠠᠬᠤ ᠴᠢᠳᠠᠪᠤᠷᠢ ᠪᠠᠷ ᠴᠢᠩᠭ᠎ᠠ᠂ ᠬᠡᠷᠡᠭᠯᠡᠭᠡᠨ ᠤ ᠠᠬᠤᠢ ᠪᠠᠶᠢᠳᠠᠯ ᠤᠯᠠᠨ ᠵᠡᠷᠭᠡ ᠤᠯᠠᠨ ᠲᠠᠯ᠎ᠠ ᠶᠢᠨ ᠳᠠᠪᠠᠭᠤᠯᠢᠭ ᠢ ᠪᠦᠷᠢᠯᠳᠦᠭᠦᠯᠵᠦ᠂ ᠣᠳᠣᠬᠠᠨ ᠳᠤ ᠶᠠᠭ ᠬᠦᠴᠦᠨ ᠢᠶᠠᠨ ᠲᠥᠪᠯᠡᠷᠡᠭᠦᠯᠦᠨ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠶᠢ ᠰᠢᠩᠭᠡᠭᠡᠨ ᠠᠪᠬᠤ ᠰᠠᠭᠤᠷᠢᠨ ᠭᠠᠵᠠᠷ ᠢ ᠪᠠᠶᠢᠭᠤᠯᠵᠤ᠂ ᠣᠷᠣᠨ ᠪᠦᠰᠡ ᠶᠢᠨ ᠠᠵᠤ ᠦᠢᠯᠡᠰ ᠤᠨ ᠡᠨᠧᠷᠭᠢ ᠬᠡᠷᠡᠭᠯᠡᠬᠦ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠪᠣᠬᠢᠷᠲᠤᠯ ᠦᠭᠡᠢ ᠰᠠᠭᠤᠷᠢ ᠦᠩᠭᠡ ᠶᠢ ᠵᠤᠵᠠᠭᠠᠳᠬᠠᠵᠤ ᠪᠠᠶᠢᠨ᠎ᠠ᠃ ᠬᠤᠸᠠ ᠨᠧᠩ ᠤᠨ ᠤᠮᠠᠷᠠᠲᠤ ᠶᠢᠨ ᠴᠠᠬᠢᠯᠭᠠᠨ ᠬᠦᠴᠦᠨ ᠤ ᠺᠣᠮᠫᠠᠨᠢ ᠥᠩᠭᠡᠷᠡᠭᠰᠡᠨ ᠲᠠᠢ ᠪᠠᠨ ᠠᠳᠠᠯᠢ ᠪᠠᠷ ᠣᠷᠣᠨ ᠨᠤᠲᠤᠭ ᠤᠨ ᠬᠥᠭᠵᠢᠯᠲᠡ ᠶᠢ ᠳᠡᠮᠵᠢᠵᠦ᠂ ᠰᠢᠨ᠎ᠡ ᠡᠨᠧᠷᠭᠢ ᠶᠢᠨ ᠲᠦᠷᠦᠯ ᠵᠦᠢᠯ ᠢ ᠨᠡᠭᠡᠭᠡᠨ ᠬᠥᠭᠵᠢᠭᠦᠯᠬᠦ᠂ ᠪᠣᠬᠢᠷᠲᠤᠯ ᠦᠭᠡᠢ ᠴᠠᠬᠢᠯᠭᠠᠨ ᠢ ᠰᠢᠩᠭᠡᠭᠡᠬᠦ᠂ ᠬᠠᠯᠠᠭᠤᠨ ᠳᠤᠯᠠᠭᠠᠨ ᠢᠨᠵᠧᠨᠧᠷᠢᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠦᠬᠠᠢ ᠬᠤᠳᠠ ᠯᠤᠭ᠎ᠠ ᠪᠦᠬᠦ ᠲᠠᠯ᠎ᠠ ᠶᠢᠨ᠂ ᠤᠯᠠᠨ ᠬᠦᠷᠢᠶ᠎ᠡ ᠴᠠᠷᠠᠭ᠎ᠠ ᠶᠢᠨ᠂ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠭᠠᠷ ᠬᠤᠯᠪᠣᠨ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠢᠯᠡᠴᠢᠯᠡᠭᠡᠨ ᠤ ᠪᠠᠲᠤᠯᠠᠭ᠎ᠠ ᠪᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ ᠭᠡᠵᠡᠢ᠃      ᠴᠧᠨ ᠪᠢᠩ ᠬᠤᠸᠠ ᠠᠵᠤ ᠠᠬᠤᠶᠢᠯᠠᠯ ᠤᠨ ᠦᠨᠳᠦᠰᠦᠨ ᠪᠠᠶᠢᠳᠠᠯ ᠵᠢᠴᠢ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠠᠨ ᠲᠣᠪᠴᠢ ᠲᠠᠨᠢᠯᠴᠠᠭᠤᠯᠪᠠ᠃ ᠲᠡᠷᠡ ᠢᠯᠡᠷᠭᠡᠶᠢᠯᠡᠭᠰᠡᠨ ᠨᠢ᠂ ᠦᠬᠠᠢ ᠬᠤᠳᠠ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠠᠵᠤ ᠦᠢᠯᠡᠰ ᠤᠨ ᠰᠠᠭᠤᠷᠢ ᠯᠠᠪᠳᠠᠭᠤᠨ᠂ ᠡᠬᠢ ᠪᠠᠶᠠᠯᠢᠭ ᠤᠨ ᠡᠯᠧᠮᠧᠨ᠋ᠲ ᠲᠥᠪᠯᠡᠷᠡᠵᠦ᠂ ᠬᠥᠭᠵᠢᠯᠲᠡ ᠶᠢᠨ ᠠᠵᠠ ᠲᠣᠬᠢᠶᠠᠯ ᠮᠠᠰᠢ ᠰᠠᠶᠢᠨ ᠪᠠᠶᠢᠨ᠎ᠠ᠃ ᠬᠤᠸᠠ ᠨᠧᠩ ᠤᠨ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ ᠺᠣᠮᠫᠠᠨᠢ ᠣᠷᠣᠨ ᠨᠤᠲᠤᠭ ᠤᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ᠦᠬᠠᠢ ᠶᠢᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠠᠯ᠎ᠠ ᠶᠢᠨ ᠬᠡᠷᠡᠭᠴᠡᠭᠡ ᠲᠠᠢ ᠢᠳᠡᠪᠬᠢᠲᠡᠢ ᠵᠣᠯᠭᠠᠭᠤᠯᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号