ᠼᠦᠢ ᠵᠢᠩ ᠶᠢᠩ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/7/4
     7 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠣᠬᠤᠢ ᠲᠣᠭᠤᠷᠢᠭ᠂ ᠤᠳᠠ ᠲᠣᠭᠤᠷᠢᠭ ᠲᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ ᠣᠷᠣᠯᠴᠠᠪᠡ᠃

     ᠼᠦᠢ ᠵᠢᠩ ᠶᠢᠩ ᠨᠡᠷ ᠤᠷᠢᠳ ᠬᠤᠵᠢᠳ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠭᠤᠣᠯ ᠲᠠᠭᠤ

 ᠶᠢᠨ ᠬᠡᠰᠡᠭ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ᠂ ᠦᠬᠠᠢ ᠨᠠᠭᠤᠷ ᠤᠨ ᠬᠤᠷᠠᠳᠠᠰᠣ ᠶᠢ

ᠠᠷᠢᠯᠭᠠᠬᠤ ᠲᠦᠷᠦᠯ ᠵᠦᠢᠯ᠂ ᠥᠪᠥᠷ ᠮᠣᠩᠭᠤᠯ ᠤᠨ ᠰᠢᠩ ᠹᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ

ᠺᠣᠮᠫᠠᠨᠢ ᠶᠢᠨ ᠠᠵᠤ ᠦᠢᠯᠡᠳᠪᠦᠷᠢ ᠶᠢᠨ ᠴᠠᠬᠢᠭᠤᠷ ᠤᠨ ᠲᠦᠷᠦᠯ ᠵᠦᠢᠯ᠂ ᠬᠤᠳᠠ ᠶᠢᠨ ᠠᠷᠪᠠᠳᠤᠭᠠᠷ ᠳᠤᠮᠳᠠᠳᠤ

ᠰᠤᠷᠭᠠᠭᠤᠯᠢ ᠶᠢᠨ ᠪᠦᠬᠦ ᠪᠠᠶᠢᠷᠢ ᠳᠤ ᠰᠠᠭᠤᠬᠤ ᠲᠦᠷᠢᠮ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ

ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠨᠢ ᠲᠤᠬᠠᠢ ᠶᠢᠨ ᠭᠠᠵᠠᠷ ᠲᠤᠨᠢ

ᠪᠠᠶᠢᠴᠠᠭᠠᠨ ᠦᠵᠡᠵᠦ᠂ ᠲᠦᠷᠦᠯ ᠵᠦᠢᠯ ᠤᠨ ᠲᠥᠯᠥᠪᠵᠢᠭᠦᠯᠭᠡ᠂ ᠡᠯᠧᠮᠧᠨ᠋ᠲ ᠤᠨ ᠪᠠᠲᠤᠯᠠᠭ᠎ᠠ᠂ ᠠᠶᠤᠯᠭᠦᠢ

ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠢ ᠨᠠᠷᠢᠨ ᠣᠶᠢᠯᠠᠭᠠᠬᠤ ᠶᠢᠨ

ᠬᠠᠮᠲᠤ᠂ ᠲᠤᠬᠠᠢ ᠶᠢᠨ ᠲᠠᠯᠠᠪᠠᠢ ᠳᠤ ᠠᠯᠪᠠᠯᠠᠨ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ

ᠠᠰᠠᠭᠤᠳᠠᠯ ᠢ ᠨᠢ ᠰᠤᠳᠤᠯᠤᠨ ᠰᠢᠢᠳᠪᠦᠷᠢᠯᠡᠪᠡ᠃

     ᠼᠦᠢ ᠵᠢᠩ ᠶᠢᠩ ᠬᠡᠯᠡᠭᠰᠡᠨ ᠨᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ

ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠴᠢᠬᠤᠯᠠ

ᠲᠤᠯᠭᠠᠭᠤᠷᠢᠯᠠᠯ ᠪᠣᠯᠤᠨ᠎ᠠ᠃ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠲᠣᠭᠲᠠᠭᠠᠵᠤ᠂

ᠲᠦᠷᠦᠯ ᠵᠦᠢᠯ ᠢᠶᠠᠷ ᠭᠤᠣᠯ ᠪᠣᠯᠭᠠᠬᠤ ᠤᠢᠢᠯᠠᠭᠠᠭᠳᠠᠬᠤᠨ ᠢ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ ᠪᠦᠬᠦ

ᠬᠦᠴᠦᠨ ᠢᠶᠠᠷ ᠢᠶᠠᠨ ᠬᠦᠴᠦᠯᠡᠨ ᠤᠷᠤᠭᠰᠢᠯᠠᠵᠤ᠂ ᠪᠠᠶᠢᠳᠠᠯ ᠢ ᠠᠮᠵᠢᠨ ᠤᠷᠤᠭᠰᠢᠯᠠᠵᠤ᠂ ᠲᠦᠷᠦᠯ ᠵᠦᠢᠯ ᠤᠨ

ᠪᠦᠳᠦᠭᠡᠨ ᠪᠠᠶᠢᠭᠤᠯᠤᠯᠲᠠ ᠶᠢᠨ ᠪᠣᠳᠠᠲᠠᠢ ᠦᠷ᠎ᠡ ᠪᠦᠲᠦᠮᠵᠢ ᠪᠠᠷ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ

ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠣᠯᠭᠤᠬᠤ ᠬᠡᠷᠡᠭᠲᠡᠢ᠃ ᠬᠠᠲᠤᠨ ᠭᠤᠤᠯ ᠤᠨ ᠥᠪᠥᠷ

ᠮᠣᠩᠭᠤᠯ ᠳᠤ ᠣᠷᠣᠬᠤ ᠠᠩᠬᠠᠨ ᠤ ᠥᠷᠲᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠷᠭᠢ ᠶᠢᠨ

ᠱᠤᠭᠤᠮ ᠤᠨ ᠬᠠᠮᠠᠭᠠᠯᠠᠯᠲᠠ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠦᠬᠠᠶ

ᠨᠠᠭᠤᠷ ᠤᠨ ᠬᠤᠷᠠᠳᠠᠰᠣ ᠶᠢ ᠠᠷᠢᠯᠭᠠᠬᠤ᠂ ᠡᠯᠡᠰᠦ ᠶᠢ ᠣᠷᠣᠰᠬᠠᠬᠤ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ

ᠠᠳᠬᠤᠵᠤ᠂ ᠦᠬᠠᠶ ᠨᠠᠭᠤᠷ ᠤᠨ ᠭᠤᠤᠯ ᠤᠨ ᠵᠠᠮ ᠢ ᠡᠷᠲᠡᠬᠡᠨ ᠨᠡᠪᠲᠡᠷᠡᠭᠦᠯᠬᠦ ᠪᠠᠷ ᠴᠢᠷᠮᠠᠶᠢᠵᠤ᠂ ᠠᠮᠢ ᠠᠬᠤᠶ ᠶᠢᠨ

ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠤᠤᠰ ᠠᠮᠵᠢᠯᠲᠠ ᠶᠢ ᠪᠡᠶᠡᠯᠡᠭᠦᠯᠬᠦ ᠬᠡᠷᠡᠭᠲᠡᠶ᠃ ᠴᠠᠭ

ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠪᠠᠨ

ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠪᠠᠷᠢᠯᠭ᠎ᠠ ᠶᠢᠨ ᠠᠮᠤᠷ ᠲᠦᠪᠰᠢᠨ ᠪᠠ

ᠪᠠᠷᠢᠯᠭ᠎ᠠ ᠶᠢᠨ ᠶᠠᠰᠤ ᠴᠢᠨᠠᠷ ᠢᠶᠠᠨ ᠪᠠᠲᠤᠯᠠᠭᠰᠠᠨ ᠤᠷᠢᠲᠠᠯ ᠳᠣᠣᠷ᠎ᠠ᠂ ᠭᠤᠣᠯᠳᠠᠯᠭ᠎ᠠ ᠲᠠᠢ ᠲᠦᠷᠦᠯ ᠵᠦᠢᠯ ᠤᠨ

ᠪᠦᠳᠦᠭᠡᠨ ᠪᠠᠶᠢᠭᠤᠯᠤᠯᠲᠠ ᠶᠢᠨ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠦᠬᠦ

ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠨᠢᠭᠲᠠ ᠵᠣᠬᠢᠴᠠᠭᠤᠯᠤᠨ

ᠬᠠᠮᠵᠢᠯᠴᠠᠵᠤ᠂ ᠡᠯᠧᠮᠧᠨ᠋ᠲ ᠤᠨ ᠪᠠᠲᠤᠯᠠᠭ᠎ᠠ ᠪᠠᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠲᠦᠷᠦᠯ

ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠦᠴᠢᠷ ᠠᠰᠠᠭᠤᠳᠠᠯ᠂ ᠡᠪᠡᠷᠰᠢᠶᠡᠯ ᠲᠠᠢ ᠠᠰᠠᠭᠤᠳᠠᠯ᠂ ᠲᠦᠭᠵᠢᠷᠡᠯ ᠲᠠᠢ

ᠠᠰᠠᠭᠤᠳᠠᠯ ᠢ ᠨᠢ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠪᠣᠳᠠᠲᠠᠢ

ᠠᠰᠠᠭᠤᠳᠠᠯ ᠢ ᠨᠢ ᠰᠢᠢᠳᠪᠦᠷᠢᠯᠡᠵᠦ᠂ ᠲᠦᠷᠦᠯ ᠵᠦᠢᠯ ᠢ ᠡᠷᠲᠡ ᠳᠠᠭᠤᠰᠬᠠᠵᠤ᠂ ᠡᠷᠲᠡ ᠠᠰᠢᠭᠯᠠᠯᠲᠠ ᠳᠤ ᠣᠷᠣᠭᠤᠯᠵᠤ᠂

ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号