ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
     7 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ 6 ᠰᠠᠷ᠎ᠠ ᠶᠢᠨ 27 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠡᠨᠡ ᠵᠢᠯ ᠠᠴᠠ ᠨᠠᠰᠢᠬᠢ ᠰᠢ ᠶᠢᠨ ᠫᠢᠩ ᠶᠡᠷᠦᠩᠬᠡᠶ ᠱᠦᠵᠢ ᠶᠢᠨ ᠡᠯ᠎ᠡ ᠭᠠᠵᠠᠷ ᠲᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ ᠬᠤᠷᠢᠶᠠᠨ ᠤ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ᠂ ᠰᠢᠨ᠎ᠡ ᠬᠠᠨᠳᠤᠰᠢ ᠶᠢ ᠬᠢᠨᠠᠮᠠᠭᠠᠶ ᠰᠤᠳᠤᠯᠤᠨ ᠡᠵᠡᠮᠳᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠮᠠᠨ ᠤ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠯᠦᠭᠡ ᠤᠶᠠᠯᠳᠤᠭᠤᠯᠤᠨ ᠭᠦᠨᠵᠡᠭᠡᠶ ᠰᠡᠳᠬᠢᠨ ᠪᠣᠳᠣᠯᠬᠢᠯᠠᠵᠤ᠂ ᠣᠷᠣᠨ ᠨᠤᠲᠤᠭ ᠤᠨ ᠣᠨᠴᠠᠯᠢᠭ ᠲᠠᠢ᠂ ᠪᠣᠳᠠᠲᠤ ᠠᠬᠤᠶ ᠬᠥᠭᠵᠢᠯᠲᠡ ᠳᠤ ᠬᠡᠷᠡᠭᠰᠡᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠠᠵᠤ ᠠᠬᠤᠶ ᠶᠢᠨ ᠪᠠᠶᠢᠭᠤᠯᠤᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ   ᠶᠢ ᠡᠭᠦᠳᠬᠦ᠂ ᠨᠡᠶᠢᠭᠡᠮ ᠤᠨ ᠵᠠᠰᠠᠯᠲᠠ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ᠂ ᠴᠢᠨᠠᠷ ᠰᠠᠶᠢᠲᠠᠶ ᠠᠮᠢᠳᠤᠷᠠᠯ᠂ ᠴᠢᠨᠠᠷ ᠰᠠᠶᠢᠲᠠᠶ ᠵᠠᠰᠠᠯᠲᠠ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠡᠢ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠢᠩᠭ᠎ᠠ ᠪᠣᠳᠠᠲᠠᠢ ᠪᠠᠶᠢᠬᠤ ᠶᠢ ᠪᠠᠷᠢᠮᠲᠠᠯᠠᠵᠤ᠂ ᠺᠠᠳ᠋ᠷ ᠤᠨ ᠬᠢᠨᠠᠯᠲᠠ ᠬᠠᠮᠢᠶᠠᠷᠤᠯᠲᠠ ᠪᠠᠨ ᠭᠦᠨᠵᠡᠭᠡᠢ ᠠᠬᠢᠭᠤᠯᠵᠤ᠂ ᠬᠦᠴᠦᠨ ᠢᠶᠠᠨ ᠲᠥᠪᠯᠡᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠥᠨ ᠳᠠᠭᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠭᠤᠷᠪᠠᠨ ᠵᠦᠢᠯ ᠤᠨ ᠠᠵᠢᠯ ᠢ ᠠᠬᠢᠭᠤᠯᠬᠤ ᠲᠤᠷᠰᠢᠯᠭ᠎ᠠ ᠠᠷᠭ᠎ᠠ ᠬᠢᠳᠡᠯ ᠢᠶᠠᠨ ᠴᠠᠭ ᠲᠤᠬᠠᠢ ᠳᠤᠨᠢ ᠳ᠋ᠦᠩᠨᠡᠨ ᠪᠣᠯᠪᠠᠰᠤᠷᠠᠭᠤᠯᠵᠤ᠂ ᠲᠦᠷᠢᠮ ᠲᠣᠭᠲᠠᠴᠠ ᠪᠣᠯᠭᠠᠨ ᠲᠣᠭᠲᠠᠪᠤᠷᠢᠵᠢᠭᠤᠯᠵᠤ᠂ ᠪᠤᠰᠤᠳ ᠭᠠᠵᠠᠷ ᠣᠷᠣᠨ᠂ ᠬᠦᠷᠢᠶᠡᠨ ᠤ ᠠᠵᠢᠯ ᠳᠤ ᠲᠣᠯᠢᠯᠠᠵᠤ ᠪᠣᠯᠬᠤ ᠲᠤᠷᠰᠢᠯᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠰᠢ ᠶᠢᠨ ᠫᠢᠩ ᠶᠡᠷᠦᠩᠬᠡᠢ ᠱᠦᠵᠢ ᠶᠢᠨ ︽ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ᠭᠡᠬᠦ ᠴᠢᠬᠤᠯᠠ ᠵᠤᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ︽ᠲᠠᠪᠤᠨ ᠴᠢᠬᠤᠯᠠ ᠶᠡᠭᠡ ᠵᠠᠷᠴᠢᠮ︾ ᠢ ᠪᠠᠲᠤ ᠡᠵᠡᠮᠳᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠦᠢᠯᠡᠳᠦᠯᠭᠡ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ᠂ ᠪᠠᠶᠠᠷ ᠤᠨ ᠴᠠᠬᠢᠯᠭᠠᠨ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠰᠢᠪᠲᠤᠯᠬᠤ︾ ᠵᠣᠷᠢᠭ ᠰᠠᠨᠠᠭ᠎ᠠ᠂ ︽ᠡᠭᠦᠳᠬᠦ︾ ᠡᠷᠴᠢ ᠵᠣᠷᠢᠭ᠂ ︽ᠠᠵᠢᠯᠯᠠᠬᠤ︾ ᠰᠤᠷᠲᠠᠯ ᠢ ᠪᠠᠷᠢᠮᠲᠠᠯᠠᠵᠤ᠂ ᠦᠬᠠᠢ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠡᠷᠡᠰ ᠭᠤᠶᠢᠪᠢᠰᠢ ᠦᠭᠡᠢ ᠪᠣᠳᠠᠲᠠᠢ ᠰᠠᠶᠢᠲᠤᠷ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠶ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ ᠦᠢᠯᠡᠳᠦᠯ ᠢ ᠨᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ᠃ ︽ᠲᠡᠭᠡᠲᠤ ᠬᠤᠷᠲᠤᠴᠠᠲᠤ ᠲᠡᠮᠦᠷ ᠵᠠᠮ ᠤᠨ ᠴᠠᠭ ᠦᠶ᠎ᠡ︾ ᠶᠢᠨ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠦᠵᠡᠯ ᠰᠠᠨᠠᠭ᠎ᠠ ᠣᠶᠢᠯᠠᠭᠠᠭᠳᠠᠬᠤᠨ᠂ ᠦᠢᠯᠡ ᠠᠵᠢᠯᠯᠠᠭ᠎ᠠ ᠶᠢᠨ ᠠᠷᠭ᠎ᠠ ᠬᠡᠯᠪᠡᠷᠢ᠂ ᠵᠠᠬ᠎ᠠ ᠳᠡᠯᠭᠡᠭᠦᠷ ᠤᠨ ᠤᠬᠠᠮᠰᠠᠷ ᠵᠡᠷᠭᠡ ᠲᠠᠯ᠎ᠠ ᠪᠠᠷ ᠪᠦᠬᠦ ᠲᠠᠯ᠎ᠠ ᠪᠠᠷ ᠵᠣᠯᠭᠠᠭᠤᠯᠤᠨ ᠲᠥᠪᠯᠡᠷᠡᠭᠦᠯᠵᠦ᠂ ᠬᠤᠳᠠ ᠶᠢᠨ ᠴᠢᠳᠠᠪᠬᠢ ᠪᠠᠨ ᠳᠡᠭᠡᠭᠰᠢᠯᠡᠭᠦᠯᠬᠦ᠂ ᠠᠵᠤ ᠦᠢᠯᠡᠰ ᠢ ᠬᠥᠭᠵᠢᠭᠦᠯᠬᠦ ᠵᠡᠷᠭᠡ ᠬᠦᠷᠢᠶᠡᠨ ᠠᠴᠠ ᠬᠦᠴᠦᠯᠡᠵᠦ᠂ ᠪᠠᠷᠠᠭᠠᠯᠬᠢᠯᠠᠯ ᠤᠨ ᠴᠢᠨᠠᠷᠲᠠᠢ ᠪᠣᠳᠣᠯᠬᠢᠯᠠᠯ ᠤᠨ ᠰᠤᠳᠤᠯᠭᠠᠨ᠂ ᠲᠥᠯᠥᠪᠵᠢᠭᠦᠯᠦᠨ ᠪᠠᠶᠢᠷᠢᠰᠢᠭᠤᠯᠬᠤ ᠪᠠᠨ ᠴᠢᠩᠭᠠᠳᠬᠠᠵᠤ᠂ ᠠᠯᠬᠤᠮ ᠳᠠᠷᠠᠭ᠎ᠠ ᠲᠠᠢ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠤᠳᠠ ᠶᠢᠨ ᠲᠠᠲᠠᠬᠤ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠡᠩ ᠪᠣᠳᠠᠲᠠᠢ ᠲᠦᠷᠦᠭᠳᠡᠯ ᠲᠠᠢ ᠪᠦᠲᠦᠮᠵᠢᠲᠡᠢ ᠪᠠᠷ ᠪᠠᠲᠤ ᠴᠤᠭᠴᠠᠯᠠᠵᠤ᠂ ᠴᠢᠨᠠᠷ ᠰᠠᠶᠢᠲᠠᠢ ᠬᠥᠭᠵᠢᠯᠲᠡ ᠪᠠ ᠬᠠᠮᠲᠤᠪᠠᠷ ᠴᠢᠨᠡᠭᠡᠯᠢᠭᠵᠢᠬᠦ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠨᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠲᠠ ᠶᠢᠨ ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠲᠠᠢ ᠤᠶᠠᠯᠳᠤᠭᠤᠯᠤᠨ᠂ ᠡᠯ᠎ᠡ ᠵᠦᠢᠯ ᠤᠨ ᠠᠵᠢᠯ ᠢᠶᠠᠨ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠦᠨᠡᠨ ᠬᠦ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠶ᠃ ᠶᠠᠪᠤᠴᠠ ᠪᠠᠨ ᠰᠢᠯᠢᠳᠡᠭᠵᠢᠭᠦᠯᠵᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠤᠯᠠᠨ ᠲᠦᠮᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠣᠷᠣᠯᠴᠠᠬᠤ ᠢᠳᠡᠪᠬᠢᠵᠢᠯ ᠢ ᠬᠥᠭᠵᠢᠭᠡᠵᠦ᠂ ᠨᠡᠩ ᠤᠯᠠᠨ ᠬᠡᠷᠡᠭᠯᠡᠭᠴᠢᠳ ᠲᠤ ᠲᠦᠷᠦ ᠶᠢᠨ ᠪᠤᠳᠤᠯᠭ᠎ᠠ ᠶᠢᠨ ᠠᠰᠢᠭ ᠢ ᠡᠳ᠋ᠯᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠪᠦᠲᠦᠮᠵᠢᠲᠡᠢ ᠨᠡᠶᠢᠳᠬᠡᠵᠦ᠂ ᠨᠡᠩ ᠤᠯᠠᠨ ᠠᠵᠤ ᠠᠬᠤᠶᠢᠯᠠᠯ ᠤᠨ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠣᠷᠣᠯᠴᠠᠬᠤ ᠶᠢ ᠵᠣᠷᠢᠭᠵᠢᠭᠤᠯᠵᠤ᠂ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ 2023 ᠣᠨ ᠤ ᠠᠶᠢᠮᠠᠭ ᠬᠤᠳᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ  ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠤᠯᠭᠠᠭᠤᠯᠤᠭᠰᠠᠨ ᠢ ᠬᠢᠨᠠᠨ ᠰᠢᠯᠭᠠᠵᠤ ᠦᠨᠡᠯᠡᠨ ᠵᠢᠱᠢᠭᠰᠡᠨ᠂ ᠪᠦᠬᠦ ᠬᠤᠳᠠ ᠶᠢᠨ ᠬᠥᠮᠦᠨ ᠠᠮᠠ ᠶᠢᠨ ᠤᠷᠳᠤ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠭᠰᠠᠨ ᠠᠵᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠡ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号