ᠼᠦᠢ ᠵᠢᠩ ᠶᠢᠩ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠪᠦᠳᠦᠭᠡᠨ ᠪᠠᠶᠢᠭᠤᠯᠤᠯᠲᠠ ᠪᠠ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/5
     7 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠬᠦ ᠠᠵᠢᠯ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠬᠤᠳᠠ ᠶᠢᠨ ᠳᠡᠳ᠋ ᠳᠠᠷᠤᠭ᠎ᠠ ᠭᠦᠸᠧ ᠢ ᠵᠢᠶᠧ ᠣᠷᠣᠯᠴᠠᠪᠠ᠃      ᠼᠦᠢ ᠵᠢᠩ ᠶᠢᠩ ᠤᠷᠢᠳ ᠬᠤᠵᠢᠳ ᠸᠠᠨ ᠳ᠋ᠠ ᠶᠢᠨ ᠬᠤᠶᠢᠲᠤ ᠴᠡᠴᠡᠷᠯᠢᠭ ᠤᠨ ᠭᠠᠵᠠᠷ ᠳᠣᠣᠷᠠᠬᠢ ᠲᠡᠷᠭᠡᠨ ᠵᠣᠭᠰᠣᠭᠠᠯ ᠤᠨ ᠲᠦᠷᠦᠯ ᠵᠦᠢᠯ᠂ ᠬᠠᠶᠢᠷᠤᠪ ᠤᠨ ᠲᠤᠬᠤᠢ ᠶᠢᠨ ᠬᠠᠭᠤᠴᠢᠨ ᠬᠤᠳᠠ ᠶᠢᠨ ᠲᠣᠭᠤᠷᠢᠭ ᠤᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠬᠦ ᠲᠦᠷᠦᠯ ᠵᠦᠢᠯ᠂ ᠴᠠᠩ ᠴᠢᠩ ᠨᠡᠶᠢᠭᠡᠮ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠲᠦᠷᠦᠯ ᠵᠦᠢᠯ᠂ ᠱᠢ ᠴᠧᠩ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠬᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠵᠡᠷᠭᠡ ᠭᠠᠵᠠᠷ ᠲᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠶᠤᠨᠲᠤ ᠠᠳᠠᠯ ᠠᠬᠤᠢ ᠶᠢᠨ ᠪᠦᠳᠦᠭᠡᠨ ᠪᠠᠶᠢᠭᠤᠯᠤᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠥᠷᠨᠢᠭᠦᠯᠦᠭᠰᠡᠨ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃      ᠼᠦᠢ ᠵᠢᠩ ᠶᠢᠩ ᠬᠡᠯᠡᠭᠰᠡᠨ ᠨᠢ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠪᠦᠳᠦᠭᠡᠨ ᠪᠠᠶᠢᠭᠤᠯᠤᠯᠲᠠ ᠪᠣᠯᠤᠨ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ ᠠᠵᠢᠯ ᠢ ᠨᠢᠭᠡ ᠲᠠᠯ᠎ᠠ ᠪᠠᠷ ᠠᠷᠠᠳ ᠤᠯᠠᠨ ᠤ ᠪᠤᠶᠠᠨ ᠬᠡᠰᠢᠭ ᠲᠠᠢ ᠬᠤᠯᠪᠣᠵᠤ᠂ ᠨᠦᠭᠦᠭᠡ ᠲᠠᠯ᠎ᠠ ᠪᠠᠷ ᠬᠤᠳᠠ ᠶᠢᠨ ᠬᠥᠭᠵᠢᠯᠲᠡ ᠲᠠᠢ ᠬᠤᠯᠪᠣᠵᠤ᠂ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠢ ᠨᠠᠷᠢᠨ ᠨᠢᠮᠪᠠᠢ ᠬᠦᠴᠦ ᠣᠷᠣᠭᠤᠯᠤᠨ ᠰᠠᠶᠢᠲᠤᠷ ᠬᠢᠬᠦ ᠬᠡᠷᠡᠭᠲᠡᠢ᠃ ᠬᠠᠶᠢᠷᠤᠪ ᠤᠨ ᠲᠤᠬᠤᠢ ᠲᠣᠭᠤᠷᠢᠭ ᠤᠨ ᠲᠡᠮᠦᠷ ᠵᠠᠮ ᠳᠠᠭᠠᠤ᠂ ᠵᠦᠷᠢᠯᠢᠭ ᠬᠥᠭᠦᠷᠭᠡ ᠶᠢᠨ ᠡᠷᠬᠢᠨ ᠲᠣᠭᠤᠷᠢᠨ ᠵᠡᠷᠭᠡ ᠣᠷᠣᠨ ᠪᠦᠰᠡ ᠳᠤ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ ᠠᠵᠢᠯ ᠢ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ᠂ ᠴᠢᠳᠠᠮᠵᠢ ᠶᠢᠨ ᠴᠢᠨᠠᠷ ᠪᠣᠯᠤᠨ ᠵᠣᠯᠭᠠᠯᠴᠠᠭ᠎ᠠ ᠶᠢᠨ ᠴᠢᠨᠠᠷ ᠢ ᠬᠠᠮᠲᠤ ᠳᠤᠨᠢ ᠬᠠᠷᠠᠭᠠᠯᠵᠠᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠡᠷᠡᠭᠯᠡᠭᠡᠨ ᠤ ᠪᠠᠶᠢᠳᠠᠯ ᠢ ᠨᠡᠮᠡᠭᠳᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠠᠶᠢᠷᠤᠪ ᠤᠨ ᠲᠤᠬᠤᠢ ᠶᠢᠨ ᠬᠤᠳᠠ ᠶᠢᠨ ᠲᠣᠭᠤᠷᠢᠭ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠢ᠃ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠤᠶᠤᠨᠲᠤ ᠠᠳᠠᠯ ᠠᠬᠤᠶ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠵᠡᠷᠭᠡ ᠠᠵᠢᠯ ᠢ ᠪᠦᠲᠦᠭᠡᠯᠴᠢ ᠴᠢᠨᠠᠷᠲᠠᠶ ᠪᠠᠷ ᠰᠠᠶᠢᠲᠤᠷ ᠠᠳᠬᠤᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠢ ᠨᠠᠩ ᠭᠦᠢᠴᠡᠳ᠂ ᠵᠢᠷᠭᠠᠯᠲᠤ ᠲᠥᠷᠥᠭᠳᠡᠯ ᠢ ᠨᠢ ᠨᠠᠩ ᠦᠷᠭᠦᠯᠵᠢᠯᠡᠬᠦ᠋ᠢᠴᠡ᠂ ᠠᠮᠤᠷ ᠲᠦᠪᠰᠢᠨ ᠤ ᠲᠥᠷᠥᠭᠳᠡᠯ ᠢ ᠨᠢ ᠨᠠᠩ ᠪᠠᠲᠤᠯᠠᠭ᠎ᠠ ᠲᠠᠢ ᠪᠣᠯᠭᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠠᠵᠢᠯ ᠢ ᠱᠠᠯᠠᠪᠳᠠᠨ ᠵᠣᠬᠢᠶᠠᠨ ᠪᠠᠶᠢᠭᠤᠯᠵᠤ᠂ ᠲᠦᠷᠦᠯ ᠵᠦᠢᠯ ᠢ ᠲᠣᠭᠲᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠶᠣᠰᠣᠭᠠᠷ ᠯᠠᠪᠳᠠᠭᠤᠨ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠤ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠪᠠᠷ ᠬᠢᠵᠦ᠂ ᠬᠦᠴᠢᠷ ᠶᠠᠪᠤᠳᠠᠯ ᠢ ᠵᠣᠬᠢᠰᠲᠠᠢ ᠰᠢᠢᠳᠪᠦᠷᠢᠯᠡᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号