ᠲᠠᠩ ᠢ ᠨᠠᠮ ᠤᠨ ᠰᠤᠷᠭᠠᠭᠤᠯᠢ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/5
     7 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠲᠠᠩ ᠢ ᠨᠠᠮ ᠤᠨ ᠰᠤᠷᠭᠠᠭᠤᠯᠢ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠤᠳᠤᠷᠢᠳᠤᠯᠭ᠎ᠠ ᠯᠢ ᠠᠩ᠂ ᠯᠢ ᠴᠦᠨ ᠰᠢᠶᠤᠤ ᠣᠷᠣᠯᠴᠠᠪᠡ᠃      ᠲᠠᠩ ᠢ ᠤᠷᠢᠳ ᠬᠤᠵᠢᠳ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠲᠦᠷᠦᠯ ᠵᠦᠢᠯ ᠪᠣᠯᠤᠨ ᠨᠢᠭᠡᠳᠦᠭᠡᠷ ᠳᠠᠪᠬᠤᠷᠯᠢᠭ ᠤᠨ ᠪᠠᠷᠠᠭᠤᠨ ᠲᠢᠩᠬᠢᠮ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠳᠠ ᠶᠢᠨ ᠲᠣᠭᠤᠷᠢᠭ ᠤᠨ ᠨᠠᠮ ᠤᠨ ᠰᠤᠷᠭᠠᠭᠤᠯᠢ ᠶᠢᠨ ᠨᠢᠭᠡ ᠴᠤᠬᠴᠠᠵᠢᠭᠤᠯᠤᠨ ᠰᠤᠷᠭᠠᠭᠤᠯᠢ ᠡᠷᠬᠢᠯᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠡᠳᠦᠷ ᠲᠤᠳᠤᠮ ᠤᠨ ᠵᠢᠭᠠᠨ ᠰᠤᠷᠭᠠᠯᠲᠠ ᠳᠤ ᠠᠭᠤᠰᠤᠯᠴᠠᠬᠤ ᠵᠡᠷᠭᠡ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ᠂ ᠲᠠᠩ ᠢ ᠬᠤᠲᠠ᠂ ᠲᠣᠭᠤᠷᠢᠭ ᠬᠤᠶᠠᠷ ᠱᠠᠲᠤᠨ ᠤ ᠨᠠᠮ ᠤᠨ ᠰᠤᠷᠭᠠᠭᠤᠯᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠣᠯᠠᠨ ᠲᠠᠢ ᠰᠠᠨᠠᠯ ᠢᠶᠠᠨ ᠰᠣᠯᠢᠯᠴᠠᠪᠠ᠃ ᠲᠡᠷᠡ ᠬᠡᠯᠡᠭᠰᠡᠨ ᠨᠢ᠂ ᠨᠠᠮ ᠤᠨ ᠰᠤᠷᠭᠠᠭᠤᠯᠢ ᠶᠢᠨ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠨᠠᠮ ᠤᠨ ᠰᠤᠷᠭᠠᠭᠤᠯᠢ ᠪᠣᠯ ᠮᠠᠨ ᠤ ᠨᠠᠮ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠬᠥᠮᠦᠵᠢᠭᠦᠯᠦᠨ ᠪᠣᠯᠪᠠᠰᠤᠷᠠᠭᠤᠯᠬᠤ ᠭᠤᠣᠯ ᠠᠷᠭ᠎ᠠ ᠵᠠᠮ᠂ ᠭᠤᠣᠯ ᠵᠢᠭᠰᠠᠭᠠᠯ ᠤᠨ ᠭᠠᠵᠠᠷ ᠮᠥᠨ᠂ ᠨᠠᠮᠴᠢ ᠴᠢᠨᠠᠷ ᠢᠶᠠᠨ ᠪᠤᠯᠪᠠᠰᠣᠷᠠᠭᠤᠯᠬᠤ ᠲᠤᠮᠤ ᠵᠤᠤᠬ᠎ᠠ ᠮᠥᠨ᠃ ᠰᠢ ᠶᠢᠨ ᠫᠢᠩ ᠶᠡᠷᠦᠩᠬᠡᠢ ᠱᠦᠵᠢ ᠨᠠᠮ ᠤᠨ ᠰᠤᠷᠭᠠᠭᠤᠯᠢ ᠶᠢᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠠᠯᠢ ᠤᠯᠠᠨ ᠴᠢᠬᠤᠯᠠ ᠥᠭᠦᠯᠡᠯᠲᠡ ᠶᠢ ᠨᠡᠶᠢᠲᠡᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠰᠤᠷᠭᠠᠭᠤᠯᠢ ᠶᠢᠨ ᠦᠢᠯᠡᠰ ᠤᠨ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠪᠥᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠰᠤᠷᠭᠠᠭᠤᠯᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂  ᠪᠥᠬᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2024— 2026 ᠣᠨ︶︾ ᠤᠨ ᠡᠯ᠎ᠡ ᠵᠦᠢᠯ ᠤᠨ ᠱᠠᠭᠠᠷᠳᠠᠯᠭ᠎ᠠ ᠶᠣᠰᠣᠭᠠᠷ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠲᠦᠷᠭᠡᠨ ᠨᠥᠬᠦᠪᠥᠷᠢᠯᠡᠵᠦ  ᠨᠠᠮ ᠤᠨ ᠰᠤᠷᠭᠠᠭᠤᠯᠢ ᠶᠢᠨ ᠠᠵᠢᠯ ᠢ ᠦᠨᠡᠨ ᠬᠦ ᠨᠠᠩ ᠯᠠᠪᠳᠠᠭᠤᠨ ᠪᠠᠲᠤᠲᠠᠶ᠂ ᠦᠷ᠎ᠡ ᠪᠦᠲᠦᠮᠵᠢ ᠲᠠᠢ ᠬᠢᠬᠦ ᠬᠡᠷᠡᠭᠲᠡᠶ ᠭᠡᠵᠡᠢ᠃      ᠲᠠᠩ ᠢ ᠰᠢᠨ᠎ᠡ ᠴᠠᠭ ᠦᠶ᠎ᠡ ᠶᠢᠨ ᠨᠠᠮ ᠤᠨ ᠰᠤᠷᠭᠠᠭᠤᠯᠢ ᠶᠢᠨ ᠠᠵᠢᠯ ᠢ ᠰᠠᠶᠢᠲᠤᠷ ᠬᠢᠬᠦ ᠲᠤᠬᠠᠢ ᠭᠤᠷᠪᠠᠨ ᠱᠠᠭᠠᠷᠳᠠᠯᠭ᠎ᠠ ᠳᠤᠷᠠᠳᠪᠠ᠃ ᠨᠢᠭᠡ ᠳᠤ᠂ ᠨᠠᠮ ᠤᠨ ᠰᠤᠷᠭᠠᠭᠤᠯᠢ ᠨᠠᠮ ᠤᠨ ᠣᠳᠣᠷᠢᠳᠣᠯᠭ᠎ᠠ ᠶᠢ ᠡᠷᠡᠰ ᠪᠠᠷᠢᠮᠳᠠᠯᠠᠬᠤ᠂ ᠨᠢᠭᠡ ᠰᠡᠳᠬᠢᠯ ᠢᠶᠠᠷ ᠨᠠᠮ ᠤᠨ ᠲᠦᠯᠦᠭᠡ ᠬᠡᠬᠦ ᠨᠠᠮ ᠤᠨ ᠤᠯᠤᠰ ᠲᠦᠷᠦ ᠶᠢᠨ ᠰᠢᠨᠵᠢ ᠴᠢᠨᠠᠷ ᠢ ᠴᠢᠩᠭᠠᠳᠬᠠᠬᠤ ᠬᠡᠷᠡᠭᠲᠡᠢ᠃ ᠨᠠᠮ ᠤᠨ ᠰᠤᠷᠭᠠᠭᠤᠯᠢ ᠨᠠᠮ ᠤᠨ ᠣᠳᠣᠷᠢᠳᠣᠯᠭ᠎ᠠ ᠶᠢ ᠡᠷᠡᠰ ᠪᠠᠷᠢᠮᠳᠠᠯᠠᠬᠤ ᠬᠡᠬᠦ ᠡᠨᠡ ᠬᠦ ᠦᠨᠳᠦᠰᠦᠨ ᠵᠠᠷᠴᠢᠮ ᠢ ᠪᠠᠲᠤ ᠡᠵᠡᠮᠳᠡᠵᠦ᠂ ᠵᠢᠭᠠᠨ ᠰᠤᠷᠭᠠᠬᠤ ᠠᠵᠢᠯᠯᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ᠂ ᠰᠤᠷᠭᠠᠭᠤᠯᠢ ᠡᠷᠭᠢᠯᠡᠬᠦ ᠠᠵᠢᠯᠯᠠᠭ᠎ᠠ ᠨᠢ ᠴᠥᠮ ᠨᠠᠮᠴᠢ ᠴᠢᠨᠠᠷ ᠤᠨ ᠵᠠᠷᠴᠢᠮ ᠢ ᠪᠠᠷᠢᠮᠲᠠᠯᠠᠨ᠂ ᠨᠠᠮ ᠤᠨ ᠤᠯᠤᠰ ᠲᠥᠷᠥ ᠶᠢᠨ ᠱᠤᠭᠤᠮ ᠢ ᠵᠢᠷᠤᠮᠯᠠᠵᠤ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠨᠡᠨ ᠬᠦ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠠᠵᠢᠯ ᠶᠠᠪᠤᠳᠠᠯ ᠬᠢᠵᠦ ᠦᠷ᠎ᠡ ᠪᠦᠲᠦᠮᠵᠢ ᠤᠯᠬᠤ ᠪᠠᠷ ᠨᠠᠮ ᠤᠨ ᠰᠤᠷᠭᠠᠭᠤᠯᠢ ᠨᠠᠮ ᠤᠨ ᠣᠳᠣᠷᠢᠳᠣᠯᠭ᠎ᠠ ᠶᠢ ᠡᠷᠡᠰ ᠪᠠᠷᠢᠮᠳᠠᠯᠠᠬᠤ ᠶᠢ ᠨᠠᠮ ᠤᠨ ᠰᠤᠷᠭᠠᠭᠤᠯᠢ ᠶᠢᠨ ᠠᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠬᠤ ᠬᠡᠷᠡᠭᠲᠡᠶ᠃ ᠬᠤᠶᠠᠷ ᠲᠤ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠲᠥᠯᠥᠭᠡ ᠴᠢᠳᠠᠪᠤᠷᠢᠲᠠᠨ ᠢ ᠬᠥᠮᠦᠵᠢᠭᠦᠯᠬᠦ ᠴᠢᠬᠤᠯᠠ ᠦᠢᠯᠡᠳᠦᠯ ᠢᠶᠠᠨ ᠪᠠᠳᠠᠷᠠᠭᠤᠯᠵᠤ᠂ ᠤᠨᠤᠯ ᠢᠶᠠᠷ ᠵᠡᠪᠰᠡᠭᠯᠡᠬᠦ ᠪᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠡᠭᠦᠨ ᠳᠤ ᠲᠤᠤᠱᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠪᠣᠯᠪᠠᠰᠤᠷᠠᠩᠭᠤᠢ ᠡᠵᠡᠮᠰᠢᠵᠦ᠂ ᠦᠢᠯᠡᠳᠦᠯᠭᠡ ᠪᠠᠨ ᠨᠡᠩ ᠰᠠᠶᠢᠲᠤᠷ ᠵᠢᠯᠤᠭᠤᠲᠤᠭᠤᠯᠵᠤ᠂ ᠠᠵᠢᠯ  ᠢᠶᠠᠨ ᠠᠬᠢᠭᠤᠯᠬᠤ ᠬᠡᠷᠡᠭᠲᠡᠢ︔ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠵᠥᠪ ᠡᠷᠭᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠠᠲᠤ ᠪᠤᠢ ᠪᠣᠯᠭᠠᠬᠤ ᠬᠡᠷᠡᠭᠲᠡᠢ︔ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠨ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡ᠂ ᠬᠠᠤᠯᠢ ᠴᠠᠭᠠᠵᠠ ᠬᠠᠤᠯᠢ ᠲᠣᠭᠲᠠᠭᠠᠯ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠵᠡᠷᠭᠡ ᠨᠠᠮ ᠤᠨ ᠭᠡᠰᠢᠭᠦᠨ ᠺᠠᠳ᠋ᠷᠴᠤᠳ ᠤᠨ ᠪᠠᠴᠢᠮ ᠡᠵᠡᠮᠰᠢᠬᠦ ᠴᠢᠬᠤᠯᠠᠲᠠᠢ ᠲᠤᠰᠬᠠᠢ ᠮᠡᠷᠭᠡᠵᠢᠯ ᠤᠨ ᠮᠡᠳᠡᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠠᠭᠠᠯᠬᠢᠯᠠᠯᠳᠤ ᠴᠢᠨᠠᠷᠲᠠᠢ ᠰᠤᠳᠤᠯᠭᠠᠨ ᠢᠶᠠᠨ ᠴᠢᠩᠭᠠᠳᠬᠠᠵᠤ᠂ ᠬᠠᠨᠳᠤᠯᠭᠠᠲᠤ ᠴᠢᠨᠠᠷᠲᠠᠢ ᠪᠠᠷ ᠨᠠᠮ ᠤᠨ ᠭᠡᠰᠢᠭᠦᠨ ᠺᠠᠳ᠋ᠷᠴᠤᠳ ᠢ ᠬᠠᠪᠰᠤᠷᠤᠨ ᠬᠤᠯᠪᠤᠭᠳᠠᠯ ᠪᠦᠬᠦᠢ ᠬᠦᠷᠢᠶᠡᠨ ᠤ ᠮᠡᠳᠡᠯᠭᠡ ᠶᠢᠨ ᠳᠤᠲᠠᠭᠤᠳᠠᠯ ᠢ ᠨᠢ ᠨᠥᠬᠦᠪᠥᠷᠢᠯᠡᠬᠦ ᠬᠡᠷᠡᠭᠲᠡᠢ᠃ ᠨᠠᠮ ᠤᠨ ᠲᠥᠯᠥᠭᠡ ᠠᠷᠭ᠎ᠠ ᠤᠬᠠᠭᠠᠨ ᠭᠠᠷᠭᠠᠬᠤ ᠤᠶᠤᠨ ᠤ ᠬᠥᠮᠥᠷᠭᠡ ᠶᠢᠨ ᠦᠢᠯᠡᠳᠦᠯ ᠢᠶᠠᠨ ᠪᠠᠳᠠᠷᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠰᠤᠷᠤᠯᠴᠠᠨ ᠲᠤᠤᠱᠯᠠᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠢᠯᠡᠳᠦᠯᠭᠡ ᠶᠢ ᠠᠬᠢᠭᠤᠯᠬᠤ ᠵᠡᠷᠭᠡ ᠴᠢᠬᠤᠯᠠ ᠶᠡᠭᠡ ᠰᠡᠳᠦᠪ ᠤᠨ ᠲᠣᠭᠤᠷᠢᠨ ᠳᠤ᠂ ᠤᠨᠤᠯ ᠤᠨ ᠰᠤᠳᠤᠯᠭᠠᠨ ᠢᠶᠠᠨ ᠴᠢᠩᠭᠠᠳᠬᠠᠵᠤ᠂ ᠴᠢᠨᠠᠷ ᠰᠠᠶᠢᠲᠠᠢ ᠤᠨᠤᠯ ᠤᠨ ᠦᠷ᠎ᠡ ᠪᠦᠲᠦᠭᠡᠯ ᠢᠶᠠᠷ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ︔ ᠦᠵᠡᠯ ᠰᠠᠨᠠᠭᠠᠨ ᠤ ᠵᠢᠯᠣᠭᠤᠳᠤᠯᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠨᠠᠮ ᠤᠨ ᠰᠤᠷᠭᠠᠭᠤᠯᠢ ᠶᠢᠨ ᠲᠠᠭᠤᠨ ᠢ ᠴᠤᠤᠷᠢᠶᠠᠲᠤᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠣᠳ ᠤᠨ ᠦᠵᠡᠯ ᠰᠠᠨᠠᠭᠠᠨ ᠤ ᠮᠠᠨᠠᠨ ᠢ ᠨᠢ ᠠᠷᠢᠯᠭᠠᠵᠤ᠂ ᠲᠠᠨᠢᠯᠲᠠ ᠶᠢᠨ ᠠᠳᠡᠭᠦᠷᠡᠯ ᠢ ᠨᠢ ᠲᠣᠳᠣᠷᠬᠠᠶᠢᠯᠠᠬᠤ ᠬᠡᠷᠡᠭᠲᠡᠢ︔ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠬᠦ ᠦᠢᠯᠡᠳᠦᠯ ᠢᠶᠠᠨ ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠵᠢᠴᠢ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠢ ᠰᠤᠳᠤᠯᠵᠤ᠂ ᠦᠨ᠎ᠡ ᠥᠷᠲᠡᠭ ᠲᠠᠢ ᠠᠷᠭᠠᠴᠠᠭᠠᠬᠤ ᠪᠣᠳᠣᠯᠭ᠎ᠠ ᠰᠠᠨᠠᠭᠤᠯᠭ᠎ᠠ ᠳᠤᠷᠠᠳᠬᠤ ᠬᠡᠷᠡᠭᠲᠡᠢ᠃ ᠭᠤᠷᠪᠠ ᠳᠤ᠂ ᠰᠤᠷᠭᠠᠭᠤᠯᠢ ᠶᠢ ᠴᠢᠩᠭ᠎ᠠ ᠵᠠᠰᠠᠬᠤ᠂ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠰᠤᠷᠭᠠᠭᠤᠯᠢ ᠡᠷᠭᠢᠯᠡᠬᠦ ᠦᠷ᠎ᠡ ᠪᠦᠲᠦᠮᠵᠢ ᠪᠠᠨ ᠲᠤᠪᠤᠶᠢᠯᠭᠠᠬᠤ ᠬᠡᠷᠡᠭᠲᠡᠶ᠃ ᠬᠠᠮᠢᠶᠠᠷᠤᠯᠲᠠ ᠪᠠᠨ ᠵᠢᠷᠤᠮᠵᠢᠭᠤᠯᠵᠤ᠂ ᠲᠦᠷᠢᠮ ᠲᠣᠭᠲᠠᠴᠠ ᠪᠠᠨ ᠲᠡᠭᠦᠯᠳᠡᠷᠵᠢᠭᠦᠯᠵᠦ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠰᠤᠷᠭᠠᠨ ᠬᠥᠮᠦᠵᠢᠯ ᠵᠢᠭᠠᠨ ᠰᠤᠷᠭᠠᠯᠲᠠ᠂ ᠠᠮᠢᠳᠤᠷᠠᠯ ᠬᠤᠨᠤᠭᠯᠠᠬᠤ ᠪᠦᠬᠦ ᠶᠠᠪᠤᠴᠠ ᠳᠤ ᠲᠣᠣᠱᠯᠠᠭᠤᠯᠬᠤ ᠬᠡᠷᠡᠭᠲᠡᠢ︔ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠨᠡᠭᠡᠭᠡᠯᠲᠡᠲᠦ ᠣᠶᠢᠯᠠᠭᠠᠭᠳᠠᠬᠤᠨ ᠢᠶᠠᠷ ᠰᠤᠷᠭᠠᠭᠤᠯᠢ ᠡᠷᠬᠢᠯᠡᠵᠦ᠂ ᠬᠤᠳᠠ᠂ ᠲᠣᠭᠤᠷᠢᠭ ᠬᠤᠶᠠᠷ ᠱᠠᠲᠤᠨ ᠤ ᠪᠠᠭᠰᠢ ᠶᠢᠨ ᠡᠩᠨᠡᠭᠡ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠵᠡᠷᠭᠡ ᠶᠢ ᠨᠡᠶᠢᠳᠬᠡᠬᠦ ᠠᠵᠢᠯ ᠢᠶᠠᠨ ᠰᠠᠶᠢᠲᠤᠷ ᠬᠢᠵᠦ᠂ ᠠᠵᠢᠯᠳᠠᠨ ᠤ ᠡᠩᠨᠡᠭᠡ ᠪᠠᠨ ᠨᠢᠭᠡᠳᠦᠯᠲᠡᠢ ᠲᠥᠯᠥᠪᠵᠢᠭᠦᠯᠵᠦ᠂ ᠪᠠᠭᠰᠢ ᠶᠢᠨ ᠪᠦᠲᠦᠴᠡ᠂ ᠬᠢᠴᠢᠶᠡᠯ ᠤᠨ ᠲᠥᠯᠥᠪᠯᠡᠭᠡ ᠪᠣᠯᠤᠨ ᠵᠢᠭᠠᠨ ᠰᠤᠷᠭᠠᠯᠲᠠ ᠶᠢᠨ ᠲᠤᠬᠢᠷᠠᠭᠤᠯᠤᠯᠳᠠ ᠪᠠᠨ ᠴᠢᠨᠠᠭᠰᠢᠳᠠ ᠰᠢᠯᠢᠳᠡᠭᠵᠢᠭᠦᠯᠵᠦ᠂ ᠰᠤᠷᠭᠠᠭᠤᠯᠢ ᠡᠷᠬᠢᠯᠡᠬᠦ ᠶᠠᠰᠤ ᠴᠢᠨᠠᠷ ᠦᠷ᠎ᠡ ᠪᠦᠲᠦᠮᠵᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ ᠰᠠᠬᠢᠯᠭ᠎ᠠ ᠪᠠᠲᠤ ᠶᠢ ᠴᠢᠩᠳᠠᠯᠠᠵᠤ᠂ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠪᠠᠭᠰᠢ ᠶᠢᠨ ᠤᠯᠤᠰ ᠲᠦᠷᠦ ᠶᠢᠨ ᠬᠡᠪ ᠪᠣᠯᠪᠠᠰᠤᠷᠠᠯ ᠢ ᠨᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠤᠷᠤᠭᠴᠢᠳ ᠤᠨ ᠬᠠᠮᠢᠶᠠᠷᠤᠯᠲᠠ ᠪᠠᠨ ᠴᠢᠩᠭᠠᠳᠬᠠᠵᠤ᠂ ᠶᠠᠷᠢᠶᠠᠨ ᠤ ᠲᠠᠪᠴᠠᠩ ᠤᠨ ᠰᠠᠬᠢᠯᠭ᠎ᠠ ᠪᠠᠲᠤ᠂ ᠰᠤᠷᠤᠭᠴᠢᠳ ᠤᠨ ᠰᠠᠬᠢᠯᠭ᠎ᠠ ᠪᠠᠲᠤ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号