ᠦᠬᠠᠢ ᠬᠤᠳᠠ ᠶᠢᠨ ᠠᠵᠢᠯᠴᠢᠨ ᠤ ᠡᠪᠯᠡᠯ ᠤᠨ ᠨᠠᠢᠮᠠᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/5

     7 ᠰᠠᠷ᠎ᠠ ᠶᠢᠨ 4 ᠤ ᠡᠳᠦᠷ᠂ ᠦᠬᠠᠶ ᠬᠤᠲᠠ ᠶᠢᠨ ᠠᠵᠢᠯᠴᠢᠨ ᠤ ᠡᠪᠯᠡᠯ ᠤᠨ ᠨᠠᠢᠮᠠᠳᠤᠭᠠᠷ ᠤᠳᠠᠭᠠᠨ ᠤ

ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ᠂

ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ

ᠱᠦᠵᠢ᠂ ᠳᠡᠳ᠋ ᠲᠡᠷᠢᠭᠦᠯᠡᠭᠴᠢ ᠵᠠᠩ ᠾᠦᠢ ᠢᠦᠶ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ

ᠤᠳᠤᠷᠢᠳᠤᠯᠭ᠎ᠠ ᠼᠦᠢ ᠵᠢᠩ ᠶᠢᠩ᠂ ᠹᠧᠩ ᠰᠢᠤᠸᠠᠢ ᠲᠤᠤ᠂ ᠰᠦᠨ ᠬᠤᠤ᠂ ᠯᠢ ᠠᠩ᠂ ᠯᠢ ᠴᠦᠨ ᠰᠢᠶᠤᠤ᠂ ᠯᠢ ᠳ᠋ᠦᠩ᠂

ᠿᠣᠣ ᠴᠥᠩ ᠱᠦ᠂ ᠱᠣᠤ ᠵᠧᠩ ᠸᠧᠨ ᠬᠤᠷᠠᠯ ᠳᠤ ᠣᠷᠣᠯᠴᠠᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ

ᠳᠣᠯᠣᠳᠤᠭᠠᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ ᠪᠠᠶ ᠬᠠᠶ ᠿᠦᠩ ᠡᠬᠢᠯᠡᠯᠲᠡ ᠶᠢᠨ ᠶᠣᠰᠣᠯᠠᠯ ᠢ

ᠡᠷᠭᠢᠯᠡᠪᠡ᠃ ᠡᠪᠯᠡᠯ ᠤᠨ ᠬᠤᠷᠢᠶ᠎ᠠ᠂ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠬᠢᠨ ᠲᠤᠰ ᠲᠤᠰ

ᠠᠷᠠᠳ ᠤᠨ ᠪᠦᠯᠬᠦᠮ ᠪᠣᠯᠤᠨ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢ ᠲᠥᠯᠥᠭᠡᠯᠡᠨ

ᠪᠠᠶᠠᠷ ᠤᠨ ᠦᠭᠡ ᠬᠡᠯᠡᠪᠡ᠃

     ᠲᠠᠩ ᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ

ᠵᠥᠪᠯᠡᠯᠭᠡᠨ ᠢ ᠲᠥᠯᠥᠭᠡᠯᠡᠨ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠵᠦ᠂ ᠪᠦᠬᠦ ᠬᠤᠳᠠ ᠶᠢᠨ ᠥᠷᠭᠡᠨ

ᠤᠯᠠᠨ ᠠᠵᠢᠯᠳᠠᠨ ᠠᠵᠢᠯᠴᠢᠨ ᠪᠣᠯᠤᠨ ᠠᠵᠢᠯᠴᠢᠨ ᠤ ᠡᠪᠯᠡᠯ ᠤᠨ ᠺᠠᠳ᠋ᠷᠴᠤᠳ ᠲᠤ ᠡᠷᠬᠢᠮ ᠳᠡᠭᠡᠳᠦ ᠬᠦᠨᠳᠦᠳᠬᠡᠯ

ᠳᠡᠪᠰᠢᠭᠦᠯᠵᠦ᠂ ᠬᠤᠳᠠ ᠶᠢᠨ ᠠᠵᠢᠯᠴᠢᠨ ᠤ ᠡᠪᠯᠡᠯ ᠤᠨ ᠳᠣᠯᠣᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ

ᠬᠤᠷᠠᠯ ᠬᠤᠷᠠᠯᠳᠤᠭᠰᠠᠨ ᠠᠴᠠ ᠨᠠᠭᠠᠰᠢᠬᠢ ᠡᠯ᠎ᠡ ᠵᠦᠢᠯ ᠤᠨ ᠦᠢᠯᠡᠰ ᠤᠨ ᠣᠯᠤᠭᠰᠠᠨ ᠠᠮᠵᠢᠯᠲᠠ ᠶᠢ ᠬᠦᠢᠴᠡᠳ

ᠨᠤᠲᠠᠯᠠᠪᠠ᠃ ᠲᠡᠷᠡ ᠬᠡᠯᠡᠭᠰᠡᠨ ᠨᠢ᠂ ᠣᠳᠣᠬᠠᠨ ᠳᠤ᠂ ᠪᠦᠬᠦ ᠬᠤᠳᠠ ᠪᠠᠷ ᠢᠶᠠᠨ ᠨᠠᠮ ᠤᠨ ᠬᠤᠷᠢᠳᠤᠭᠠᠷ ᠶᠡᠭᠡ

ᠬᠤᠷᠠᠯ ᠠᠴᠠ ᠵᠢᠷᠤᠭᠯᠠᠭᠰᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ

ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠤᠭ᠎ᠠ ᠵᠢᠷᠤᠭ

ᠲᠥᠯᠥᠪᠯᠡᠭᠡ ᠶᠢ ᠪᠦᠬᠦ ᠲᠠᠯ᠎ᠠ ᠪᠠᠷ ᠠᠬᠢᠭᠤᠯᠬᠤ ᠶᠢ ᠡᠷᠡᠰ ᠭᠤᠶᠢᠪᠢᠰᠢ ᠦᠭᠡᠢ ᠠᠬᠢᠭᠤᠯᠵᠤ ᠡᠷᠡᠮᠡᠬᠡᠶᠢᠯᠡᠨ

ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠬᠠᠭᠤᠳᠠᠰᠤ ᠶᠢ ᠴᠢᠷᠮᠠᠶᠢᠨ

ᠪᠢᠴᠢᠭᠯᠡᠵᠦ ᠪᠠᠶᠢᠨ᠎ᠠ᠃ ᠪᠦᠬᠦ ᠬᠤᠳᠠ ᠶᠢᠨ ᠥᠷᠭᠡᠨ ᠤᠯᠠᠨ ᠠᠵᠢᠯᠳᠠᠨ ᠠᠵᠢᠯᠴᠢᠨ ᠬᠦᠰᠡᠯᠡᠩ ᠢᠲᠡᠭᠡᠯ

ᠪᠢᠰᠢᠷᠡᠯ ᠢᠶᠠᠨ ᠪᠠᠲᠤᠳᠬᠠᠵᠤ᠂ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠴᠠᠭᠠᠷᠠᠭᠰᠠᠨ

ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠬᠠᠮᠰᠠᠷ ᠠᠴᠠ ᠪᠠᠨ

ᠨᠠᠮ ᠤᠨ ᠦᠭᠡ ᠶᠢ ᠰᠣᠨᠣᠰᠴᠤ ᠨᠠᠮ ᠢᠶᠠᠨ ᠡᠭᠦᠷᠢᠳᠡ ᠳᠠᠭᠠᠬᠤ ᠬᠤᠰᠢᠭᠤᠴᠢ ᠴᠡᠷᠢᠭ᠂ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠬᠤ ᠭᠤᠣᠯ ᠬᠦᠴᠦᠨ ᠴᠡᠷᠢᠭ᠂ ᠰᠢᠨ᠎ᠡ ᠴᠠᠭ ᠦᠶ᠎ᠡ ᠳᠤ ᠱᠠᠭᠠᠷᠳᠠᠭᠳᠠᠬᠤ ᠲᠤᠯᠭᠠᠭᠤᠷᠢ᠂

ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠤᠨ ᠲᠠᠭᠠᠭᠤᠯᠤᠭᠴᠢ ᠪᠤᠯᠵᠤ᠂ ᠭᠤᠤᠯᠳᠠᠯᠭ᠎ᠠ ᠶᠡᠭᠡ ᠲᠠᠯ᠎ᠠ ᠳᠤ ᠨᠡᠩ

ᠢᠯᠡᠭᠦᠦ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ᠂ ︽ᠵᠢᠷᠭᠤᠭᠠᠨ

ᠢᠨᠵᠧᠨᠧᠷᠢᠩ︾ ᠢ ᠬᠡᠷᠡᠭᠵᠢᠭᠦᠯᠬᠦ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠲᠦᠷᠭᠡᠳᠬᠡᠬᠦ ᠭᠠᠯ ᠬᠠᠯᠠᠭᠤᠨ

ᠦᠢᠯᠡᠳᠦᠯᠭᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ

ᠦᠬᠠᠢ ᠶᠢᠨ ᠦᠢᠯᠡᠳᠦᠯᠭᠡ ᠶᠢ ᠠᠬᠢᠭᠤᠯᠬᠤ ᠳᠤᠮᠳᠠ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ

ᠪᠠᠶᠢᠨ᠎ᠠ᠃ ᠪᠦᠬᠦ ᠬᠤᠳᠠ ᠶᠢᠨ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ

ᠶᠡᠷᠦᠩᠬᠡᠢ ᠱᠦᠵᠢ ᠶᠢᠨ ᠠᠵᠢᠯᠴᠢᠨ ᠠᠩᠭᠢ ᠪᠣᠯᠤᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ

ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ

ᠠᠩᠬᠠᠷᠤᠯ ᠢᠶᠠᠨ ᠲᠥᠪᠯᠡᠷᠡᠭᠦᠯᠵᠦ᠂ ᠲᠤᠭ ᠡᠷᠭᠦᠨ ᠴᠢᠭᠯᠡᠯ ᠢᠶᠠᠨ ᠲᠤᠲᠤᠷᠬᠠᠶᠢᠯᠠᠬᠤ ᠲᠡᠭᠡᠷ᠎ᠡ ᠰᠢᠨ᠎ᠡ ᠵᠢᠳᠬᠦᠯ

ᠴᠢᠷᠮᠠᠶᠢᠯᠭ᠎ᠠ ᠭᠠᠷᠭᠠᠵᠤ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠲᠠᠬᠢᠨ ᠰᠢᠨ᠎ᠡ ᠠᠮᠵᠢᠯᠲᠠ ᠪᠦᠲᠦᠮᠵᠢ ᠭᠠᠷᠭᠠᠵᠤ᠂

ᠡᠷᠬᠡ ᠠᠰᠢᠭ ᠬᠠᠮᠠᠭᠠᠯᠠᠬᠤ ᠦᠢᠯᠡᠴᠢᠯᠡᠭᠡᠨ ᠤ ᠲᠠᠯ᠎ᠠ ᠪᠠᠷ ᠰᠢᠨ᠎ᠡ ᠡᠭᠦᠷᠭᠡᠯᠡᠯ ᠡᠭᠦᠷᠭᠡᠯᠡᠵᠦ᠂ ᠥᠭᠡᠷᠡᠴᠢᠯᠡᠯᠲᠡ ᠬᠢᠵᠦ

ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠯᠬᠦᠮᠳᠡᠯ ᠤᠨ ᠬᠥᠮᠦᠵᠢᠯ᠂ ᠡᠷᠬᠡ

ᠠᠰᠢᠭ ᠢ ᠬᠠᠮᠠᠭᠠᠯᠠᠬᠤ᠂ ᠠᠵᠢᠯᠳᠠᠨ ᠠᠵᠢᠯᠴᠢᠨ ᠳᠤ ᠦᠢᠯᠡᠴᠢᠯᠡᠬᠦ ᠵᠡᠷᠭᠡ ᠠᠵᠢᠯ ᠢᠶᠠᠨ ᠯᠠᠪᠳᠠᠭᠤᠨ ᠪᠠᠲᠤᠲᠠᠢ

ᠰᠠᠶᠢᠲᠤᠷ ᠬᠢᠵᠦ᠂ ᠦᠬᠠᠢ ᠶᠢᠨ ᠠᠵᠢᠯᠴᠢᠨ ᠤ ᠡᠪᠯᠡᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ

ᠡᠭᠦᠳᠬᠦ ᠬᠡᠷᠡᠭᠲᠡᠢ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶

ᠨᠠᠮ ᠠᠴᠠ ᠠᠵᠢᠯᠴᠢᠨ ᠤ ᠡᠪᠯᠡᠯ ᠢ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠴᠢᠨ ᠤ

ᠡᠪᠯᠡᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ

 ᠪᠠᠨ ᠴᠢᠩᠭᠠᠳᠬᠠᠵᠤ᠂ ᠠᠵᠢᠯᠴᠢᠨ ᠤ ᠡᠪᠯᠡᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ

ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠵᠡᠢ᠃

     ᠵᠠᠩ ᠾᠦᠢ ᠢᠦᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠡᠮᠦᠨ᠎ᠡ ᠠᠴᠠ

ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠪᠡ᠃ ᠲᠡᠷᠡ ᠬᠡᠯᠡᠭᠰᠡᠨ ᠨᠢ᠂ ᠦᠬᠠᠢ ᠬᠤᠳᠠ ᠶᠢᠨ ᠠᠵᠢᠯᠴᠢᠨ ᠤ

ᠡᠪᠯᠡᠯ ᠤᠨ ᠳᠣᠯᠣᠳᠤᠭᠠᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ᠂ ᠪᠦᠬᠦ ᠬᠤᠳᠠ ᠶᠢᠨ

ᠥᠷᠭᠡᠨ ᠤᠯᠠᠨ ᠠᠵᠢᠯᠳᠠᠨ ᠠᠵᠢᠯᠴᠢᠨ ᠪᠣᠯᠤᠨ ᠡᠯ᠎ᠡ ᠱᠠᠲᠤᠨ ᠤ ᠠᠵᠢᠯᠴᠢᠨ ᠤ ᠡᠪᠯᠡᠯ ᠦᠬᠠᠢ ᠶᠢᠨ ᠠᠵᠤ ᠠᠬᠤᠢ

ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠪᠦᠬᠦ

ᠣᠷᠣᠨ ᠤ ᠠᠵᠢᠯᠴᠢᠨ ᠤ ᠡᠪᠯᠡᠯ ᠤᠨ ᠠᠵᠢᠯ ᠳᠤ ᠡᠷᠬᠢᠮ ᠨᠠᠨᠳᠢᠨ ᠲᠤᠷᠰᠢᠯᠭ᠎ᠠ ᠪᠣᠯᠤᠨ ᠠᠰᠢᠭᠲᠠᠢ ᠲᠤᠯᠢᠯᠠᠯ

ᠬᠠᠩᠭᠠᠵᠠᠢ᠃ ᠦᠬᠠᠢ ᠬᠤᠳᠠ ᠶᠢᠨ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠤᠯᠤᠰ

ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ ᠰᠡᠳᠬᠢᠯᠭᠡ ᠪᠠᠨ ᠲᠠᠰᠤᠷᠠᠯᠲᠠ ᠦᠭᠡᠢ

ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠᠷ ᠠᠵᠢᠯᠴᠢᠨ ᠤ ᠡᠪᠯᠡᠯ ᠤᠨ ᠠᠵᠢᠯ ᠤᠨ ᠰᠢᠨ᠎ᠡ ᠠᠶᠠᠨ ᠢ ᠬᠦᠳᠦᠯᠦᠨ ᠳᠠᠭᠠᠭᠤᠯᠵᠤ᠂

ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠪᠠᠷ ᠬᠠᠷᠠᠯᠲᠠ ᠪᠣᠯᠭᠠᠨ

ᠠᠵᠢᠯᠴᠢᠨ ᠤ ᠡᠪᠯᠡᠯ ᠤᠨ ᠠᠵᠢᠯ ᠤᠨ ᠰᠢᠨ᠎ᠡ ᠡᠭᠦᠷᠭᠡ ᠶᠢ ᠦᠢᠯᠡᠳᠦᠯᠭᠡᠵᠢᠭᠦᠯᠵᠦ᠂ ᠠᠵᠢᠯᠳᠠᠨ ᠠᠵᠢᠯᠴᠢᠨ ᠤ ᠰᠠᠶᠢᠨ

ᠰᠠᠶᠢᠬᠠᠨ ᠬᠦᠰᠡᠯ ᠡᠷᠡᠮᠡᠯᠵᠡᠯ ᠢ ᠬᠠᠩᠭᠠᠬᠤ ᠪᠠᠷ ᠠᠵᠢᠯᠴᠢᠨ ᠤ ᠡᠪᠯᠡᠯ ᠤᠨ ᠠᠵᠢᠯ ᠤᠨ ᠰᠢᠨ᠎ᠡ ᠵᠢᠳᠬᠦᠯ

ᠴᠢᠷᠮᠠᠶᠢᠯᠭ᠎ᠠ ᠶᠢ ᠢᠯᠡᠷᠡᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ᠠᠵᠢᠯᠴᠢᠨ ᠤ

ᠡᠪᠯᠡᠯ ᠤᠨ ᠠᠵᠢᠯ ᠤᠨ ᠰᠢᠨ᠎ᠡ ᠪᠠᠶᠢᠳᠠᠯ ᠢ ᠡᠭᠦᠳᠴᠦ᠂ ᠥᠷᠭᠡᠨ ᠤᠯᠠᠨ ᠠᠵᠢᠯᠳᠠᠨ ᠠᠵᠢᠯᠴᠢᠨ ᠢ ᠵᠣᠬᠢᠶᠠᠨ

ᠪᠠᠶᠢᠭᠤᠯᠤᠨ ᠳᠠᠶᠢᠴᠢᠯᠠᠵᠤ ᠪᠠᠶᠢᠭᠠᠳ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ

ᠰᠢᠨ᠎ᠡ ᠬᠠᠭᠤᠳᠠᠰᠤ ᠶᠢ ᠪᠢᠴᠢᠭᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ

ᠭᠡᠵᠡᠢ᠃

     ᠲᠣᠰ ᠤᠳᠠᠭᠠᠨ ᠤ ᠶᠡᠭᠡ ᠬᠤᠷᠠᠯ ᠨᠢ 3 ᠡᠳᠦᠷ ᠶᠠᠪᠤᠭᠳᠠᠵᠤ᠂ ᠦᠬᠠᠶ ᠬᠤᠲᠠ ᠶᠢᠨ ᠠᠵᠢᠯᠴᠢᠨ ᠤ ᠶᠡᠷᠦᠩᠬᠡᠶ

ᠡᠪᠯᠡᠯ ᠤᠨ ᠨᠠᠢᠮᠠᠳᠤᠭᠠᠷ ᠬᠤᠭᠤᠴᠠᠭᠠᠨ ᠤ ᠬᠤᠷᠢᠶ᠎ᠠ᠂ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠪᠣᠯᠤᠨ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ ᠤᠨ ᠠᠷᠪᠠᠨ ᠬᠤᠶᠠᠳᠤᠭᠠᠷ ᠤᠳᠠᠭᠠᠨ ᠤ

ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠮᠠᠨ ᠤ ᠬᠤᠲᠠ ᠶᠢᠨ ᠲᠥᠯᠥᠭᠡᠯᠡᠭᠴᠢ ᠶᠢ ᠰᠣᠩᠭᠤᠨ

ᠭᠠᠷᠭᠠᠬᠤ ᠪᠣᠯᠤᠨ᠎ᠠ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号