ᠬᠠᠯᠠᠭᠤᠠ ᠲᠤᠯᠠᠭᠠᠨ ᠢᠠᠵᠧᠨᠧᠷᠢᠩ ᠪᠤᠯ ᠥᠪᠡᠷᠲᠡᠭᠡᠨ ᠵᠠᠰᠠᠬᠤ ᠣᠷᠣᠠ ᠤ ᠨᠠᠮ ᠤᠨ ᠬᠤᠷᠢᠶᠠᠨ ᠤ | ᠳᠣᠬᠲᠠᠭᠠᠬᠰᠠᠨ ︽ᠵᠢᠷᠭᠤᠭᠠᠨ ᠢᠠᠵᠧᠨᠧᠷᠢᠩ︾ ᠤᠨ ᠨᠢᠭᠡ ᠨᠢ ᠮᠦᠠ᠂ ᠣᠯᠠᠨ ᠳᠦᠮᠠᠨ ᠤ ᠲᠠᠭᠡᠲᠤ ᠬᠡᠮᠵᠢᠶ᠎ᠡ ᠪᠠᠷ | ᠠᠩᠬᠠᠷᠴᠤ ᠪᠠᠶᠢᠭ᠎ᠠ ᠠᠷᠠᠣᠠ ᠤᠨ ᠠᠮᠢᠲᠣᠷᠠᠯ ᠤᠨ ᠢᠠᠵᠧᠨᠧᠷᠢᠩ ᠮᠦᠠ᠃ ᠡᠨᠡ ᠵᠢᠯ ᠠᠴᠠ ᠨᠠᠰᠢ᠂ ᠮᠠᠨ ᠤ ᠬᠤᠲᠠ | ᠬᠠᠯᠠᠭᠤᠨ ᠳᠤᠯᠠᠭᠠᠨ ᠢᠨᠵᠧᠨᠧᠷᠢᠩ ᠢ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠢᠨᠵᠧᠨᠧᠷᠢᠩ ᠪᠣᠯᠭᠠᠬᠤ ᠶᠢ | ᠪᠠᠷᠢᠮᠲᠠᠯᠠᠵᠤ᠂ ᠡᠷᠲᠡᠬᠡᠨ ᠲᠥᠯᠥᠪᠵᠢᠭᠦᠯᠵᠦ᠂ ᠡᠷᠲᠡᠬᠡᠨ ᠪᠠᠶᠢᠷᠢᠯᠠᠭᠤᠯᠵᠤ᠂ ᠢᠯᠴᠢ ᠬᠠᠩᠭᠠᠬᠤ ᠬᠤᠭᠤᠯᠠᠶ ᠶᠢᠨ | ᠲᠣᠤᠷ ᠤᠨ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠵᠡᠷᠭᠡ ᠢᠨᠵᠧᠨᠧᠷᠢᠩ ᠤᠨ 18 ᠲᠥᠷᠥᠯ ᠵᠦᠢᠯ ᠢ | ᠲᠦᠷᠭᠡᠳᠬᠡᠨ ᠬᠡᠷᠡᠭᠵᠢᠭᠦᠯᠵᠦ᠂ ᠨᠡᠶᠢᠲᠡ 13.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠡᠭᠦᠨ ᠳᠤ | ᠬᠠᠶᠢᠷᠤᠪ ᠤᠨ ᠲᠣᠬᠤᠶ ᠲᠣᠭᠤᠷᠢᠭ ᠲᠤ 12᠂ ᠤᠳᠠ ᠲᠣᠭᠤᠷᠢᠭ ᠲᠤ 4᠂ ᠬᠠᠶᠢᠨᠠᠨ ᠲᠣᠭᠤᠷᠢᠭ ᠲᠤ 2 ᠪᠣᠶ᠃ 6 | ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ᠶᠢᠨ ᠬᠠᠯᠠᠭᠤᠨ ᠳᠤᠯᠠᠭᠠᠨ ᠢᠨᠵᠧᠨᠧᠷᠢᠩ ᠤᠨ ᠲᠥᠷᠥᠯ ᠵᠦᠢᠯ | ᠪᠦᠬᠦᠨ ᠢᠶᠠᠷ ᠢᠶᠠᠨ ᠠᠵᠢᠯ ᠡᠬᠢᠯᠡᠪᠡ᠃ | 7 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠬᠠᠶᠢᠷᠤᠪ ᠤᠨ ᠲᠣᠬᠤᠶ ᠲᠣᠭᠤᠷᠢᠭ ᠤᠨ ᠵᠢᠩ ᠬᠠᠶ | ᠴᠧᠩ ᠰᠠᠭᠤᠭᠠᠯᠢ ᠲᠣᠭᠤᠷᠢᠭ ︵ᠨᠢᠭᠡᠳᠦᠭᠡᠷ ᠬᠤᠭᠤᠴᠠᠭ᠎ᠠ︶ ᠤᠨ ᠬᠠᠯᠠᠭᠤᠨ ᠳᠤᠯᠠᠭᠠᠨ ᠢᠨᠵᠧᠨᠧᠷᠢᠩ ᠤᠨ ᠲᠥᠷᠥᠯ | ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠮᠠᠯᠲᠠᠭᠤᠷ ᠮᠠᠰᠢᠨ᠂ ᠤᠰᠤ ᠰᠦᠷᠴᠢᠬᠦ ᠲᠡᠷᠭᠡ ᠵᠡᠷᠭᠡ | ᠪᠠᠷᠢᠯᠭ᠎ᠠ ᠶᠢᠨ ᠲᠡᠷᠭᠡ ᠨᠠᠰᠢ ᠴᠠᠰᠢ ᠰᠦᠯᠵᠢᠯᠳᠦᠵᠦ᠂ ᠠᠵᠢᠯᠴᠢᠳ ᠡᠷᠴᠢ ᠵᠣᠷᠢᠭ ᠲᠡᠭᠦᠯᠳᠡᠷ ᠪᠠᠶᠢᠵᠤ᠂ ᠬᠤᠭᠤᠯᠠᠶ ᠶᠢᠨ | ᠲᠤᠤᠷ ᠢᠶᠠᠨ ᠶᠠᠭᠠᠷᠠᠯᠳᠠᠢ ᠣᠭᠰᠠᠷᠠᠵᠤ ᠪᠠᠶᠢᠨ᠎ᠠ᠃ | ︽ᠵᠠᠩ ᠢᠨᠵᠧᠨᠧᠷ ᠡ᠂ ᠮᠠᠨ ᠤ ᠲᠣᠭᠤᠷᠢᠭ ᠤᠨ ᠢᠯᠴᠢ ᠬᠠᠩᠭᠠᠬᠤ ᠭᠤᠣᠯ ᠬᠤᠭᠤᠯᠠᠢ ᠶᠢ ᠶᠠᠭᠤᠨ ᠳᠤ | ᠴᠡᠴᠡᠭ ᠤᠨ ᠮᠠᠨᠳᠠᠯ ᠤᠨ ᠬᠠᠵᠠᠭᠤ ᠪᠠᠷ ᠮᠠᠯᠲᠠᠵᠤ ᠪᠠᠶᠢᠭ᠎ᠠ ᠪᠤᠢ︖︾ | ︽ᠰᠠᠭᠤᠭᠠᠯᠢ ᠲᠣᠭᠤᠷᠢᠭ ᠤᠨ ᠤᠤᠯ ᠤᠨ ᠢᠯᠴᠢ ᠬᠠᠩᠭᠠᠬᠤ ᠭᠤᠣᠯ ᠬᠤᠭᠤᠯᠠᠢ ᠨᠢ ᠶᠠᠭ ᠰᠠᠭᠤᠭᠠᠯᠢ | ᠲᠣᠭᠤᠷᠢᠭ ᠤᠨ ᠴᠡᠴᠡᠭ ᠤᠨ ᠮᠠᠨᠳᠠᠯ ᠤᠨ ᠳᠣᠣᠷ᠎ᠠ ᠲᠠᠯ᠎ᠠ ᠳᠤ ᠪᠠᠶᠢᠵᠤ᠂ ᠰᠠᠭᠤᠭᠠᠯᠢ ᠲᠣᠭᠤᠷᠢᠭ ᠤᠨ | ᠨᠣᠭᠤᠭᠠᠷᠠᠭᠤᠯᠤᠯᠲᠠ ᠶᠢ ᠨᠡᠩ ᠰᠠᠶᠢᠨ ᠦᠯᠡᠳᠡᠭᠡᠬᠦ ᠶᠢᠨ ᠲᠥᠯᠥᠭᠡ᠂ ᠡᠨᠡ ᠣᠳᠠᠭᠠᠨ ᠤ ᠢᠯᠴᠢ ᠬᠠᠩᠭᠠᠬᠤ | ᠬᠤᠭᠤᠯᠠᠢ ᠶᠢᠨ ᠲᠣᠣᠷ ᠢ ᠥᠭᠡᠷᠡᠴᠢᠯᠡᠬᠦ ᠳᠤ ᠰᠢᠭᠤᠳ ᠴᠡᠴᠡᠭ ᠤᠨ ᠮᠠᠨᠳᠠᠯ ᠤᠨ ᠬᠠᠵᠠᠭᠤ ᠳᠤ ᠭᠤᠤ ᠮᠠᠯᠳᠠᠵᠦ | ᠰᠢᠨ᠎ᠡ ᠬᠤᠭᠤᠯᠠᠢ ᠳᠡᠪᠢᠰᠪᠠ᠂ ᠢᠩᠭᠢᠪᠡᠯ ᠴᠡᠴᠡᠭ ᠤᠨ ᠮᠠᠨᠳᠠᠯ ᠢ ᠦᠯᠡᠳᠡᠭᠡᠬᠦ ᠪᠠᠷ ᠪᠠᠷᠠᠬᠤ ᠦᠭᠡᠢ ᠪᠠᠰᠠ ᠬᠤᠭᠤᠯᠠᠢ | ᠶᠢᠨ ᠲᠤᠤᠷ ᠢᠶᠠᠨ ᠦᠭᠡᠷᠡᠴᠢᠯᠡᠨ ᠰᠢᠨᠡᠴᠢᠯᠡᠪᠡ︾ ᠭᠡᠵᠦ ᠪᠠᠷᠢᠯᠭ᠎ᠠ ᠶᠢᠨ ᠬᠠᠷᠢᠭᠤᠴᠠᠯᠭᠠᠲᠠᠨ ᠵᠠᠩ ᠶᠢᠨ ᠪᠥᠸᠧ ︽ᠲᠦᠷ | ᠠᠵᠢᠯ ᠬᠢᠨᠠᠬᠤ︾ ᠪᠠᠷ ᠢᠷᠡᠭᠰᠡᠨ ᠰᠠᠭᠤᠭᠠᠯᠢ ᠠᠷᠠᠳ ᠲᠢᠶᠠᠨ ᠴᠠᠩ ᠹᠠ ᠳᠤ ᠲᠠᠶᠢᠯᠪᠤᠷᠢᠯᠠᠨ ᠦᠭᠪᠡ᠃ ᠰᠠᠭᠤᠭᠠᠯᠢ | ᠠᠷᠠᠳ ᠤᠨ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠬᠦ ᠰᠢᠨ᠎ᠡ ᠲᠥᠰᠦᠯ ᠢ | ᠰᠣᠨᠣᠰᠤᠭᠰᠠᠨ ᠤ ᠲᠠᠷᠠᠭ᠎ᠠ ᠲᠢᠶᠠᠨ ᠴᠠᠩ ᠹᠠ ᠳᠤ ᠢᠨᠢᠶᠡᠮᠰᠦᠭᠯᠡᠭᠰᠡᠨ ᠴᠢᠷᠠᠢ ᠢᠯᠡᠷᠡᠪᠡ᠃ | ︽ᠮᠠᠨ ᠤ ᠰᠠᠭᠤᠭᠠᠯᠢ ᠲᠣᠭᠤᠷᠢᠭ ᠤᠨ ᠪᠠᠶᠢᠭᠤᠯᠤᠭᠳᠠᠭᠰᠠᠨ ᠴᠠᠭ ᠨᠢ ᠣᠷᠳᠣ᠂ ᠰᠠᠭᠤᠷᠢ ᠲᠥᠬᠦᠭᠡᠷᠦᠮᠵᠢ ᠶᠢᠨ | ᠵᠠᠷᠢᠮ ᠨᠢ ᠨᠢᠭᠡᠨᠳᠡ ᠬᠡᠷᠡᠭᠴᠡᠭᠡ ᠶᠢ ᠬᠠᠩᠭᠠᠵᠤ ᠲᠡᠶᠢᠯᠬᠦ ᠦᠭᠡᠢ ᠪᠤᠯᠵᠠᠢ᠂ ᠢᠯᠠᠩᠭᠤᠶ᠎ᠠ ᠣᠶᠢᠷ᠎ᠠ ᠶᠢᠨ ᠬᠡᠳᠦᠨ ᠵᠢᠯ ᠳᠤ᠂ | ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠶ ᠢᠯᠡᠳᠲᠡ ᠬᠠᠭᠤᠴᠢᠷᠠᠪᠠ᠃ ᠢᠯᠴᠢ ᠰᠣᠯᠢᠬᠤ ᠥᠷᠲᠡᠭᠡ | ᠳᠠᠷᠤᠯᠲᠠ ᠨᠡᠮᠡᠪᠡᠯ ᠬᠤᠭᠤᠯᠠᠢ ᠠᠮᠠᠷᠬᠠᠨ ᠬᠠᠭᠠᠷᠠᠨ᠎ᠠ᠃ ᠨᠢᠳᠤᠨᠤᠨ ᠡᠪᠦᠯ᠂ ᠭᠤᠣᠯ ᠬᠤᠭᠤᠯᠠᠢ ᠡᠪᠳᠡᠷᠡᠭᠰᠡᠨ ᠠᠴᠠ | ᠪᠤᠯᠵᠤ ᠨᠡᠯᠢᠶᠡᠳ ᠬᠡᠳᠦᠨ ᠡᠳᠦᠷ ᠲᠤᠯᠠᠭᠠᠯᠭ᠎ᠠ ᠬᠠᠩᠭᠠᠭᠰᠠᠨ ᠦᠭᠡᠢ᠃ ᠡᠨᠡ ᠵᠢᠯ ᠯᠠᠪᠲᠠᠢ ︿ᠳᠤᠯᠠᠭᠠᠨ ᠡᠪᠦᠯ﹀ ᠢ | ᠥᠩᠭᠡᠷᠡᠭᠡᠵᠦ ᠴᠢᠳᠠᠨ᠎ᠠ︾ ᠭᠡᠵᠦ ᠬᠦᠷ ᠬᠥᠭᠵᠢᠶᠡᠨ ᠲᠠᠢ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢ ᠬᠠᠷᠠᠭᠠᠳ ᠲᠢᠶᠠᠨ | ᠴᠠᠩ ᠹᠠ ᠬᠦᠰᠡᠯ ᠡᠷᠡᠮᠡᠯᠵᠡᠯ ᠢᠶᠠᠷ ᠳᠦᠭᠦᠷᠡᠩ ᠬᠡᠯᠡᠪᠡ᠃ | ᠬᠠᠶᠢᠷᠤᠪ ᠤᠨ ᠲᠣᠬᠤᠢ ᠲᠣᠭᠤᠷᠢᠭ ᠤᠨ ᠵᠢᠩ ᠬᠠᠶ ᠴᠧᠩ ᠰᠠᠭᠤᠭᠠᠯᠢ ᠲᠣᠭᠤᠷᠢᠭ ︵ᠨᠢᠭᠡᠳᠦᠭᠡᠷ ᠬᠤᠭᠤᠴᠠᠭ᠎ᠠ︶ | ᠬᠠᠭᠤᠴᠢᠨ ᠰᠠᠭᠤᠭᠠᠯᠢ ᠲᠣᠭᠤᠷᠢᠭ ᠲᠤ ᠬᠠᠷᠢᠶᠠᠯᠠᠭᠳᠠᠵᠤ᠂ ᠪᠠᠶᠢᠭᠤᠯᠤᠭᠳᠠᠭᠰᠠᠨ ᠴᠠᠭ ᠨᠢ ᠣᠷᠳᠣ᠂ ᠢᠯᠴᠢ | ᠬᠠᠩᠭᠠᠬᠤ ᠬᠤᠭᠤᠯᠠᠶ ᠬᠠᠭᠤᠴᠢᠷᠠᠵᠤ᠂ ︽ᠣᠰᠣ ᠲᠤᠳᠠᠭᠠᠬᠤ᠂ ᠤᠰᠤ ᠤᠨᠲᠤᠷᠬᠤ᠂ ᠣᠰᠣ ᠲᠤᠰᠤᠯᠠᠬᠤ᠂ ᠣᠰᠣ | ᠭᠤᠭᠤᠵᠢᠬᠤ︾ ᠵᠡᠷᠭᠡ ᠠᠰᠠᠭᠤᠳᠠᠯ ᠡᠳᠦᠷ ᠢᠷᠡᠬᠦᠶ᠎ᠡ ᠲᠣᠪᠤᠶᠢᠮ᠎ᠠ ᠪᠣᠯᠵᠤ ᠪᠠᠶᠢᠨ᠎ᠠ᠃ ᠡᠭᠦᠨ ᠤ ᠬᠠᠮᠲᠤ᠂ ᠮᠠᠨ ᠤ | ᠬᠤᠲᠠ ᠶᠢᠨ ᠬᠤᠲᠠ ᠶᠢᠨ ᠲᠣᠭᠤᠷᠢᠭ ᠤᠨ ᠬᠡᠪᠴᠢᠶ᠎ᠡ ᠲᠠᠰᠤᠷᠠᠯᠲᠠ ᠥᠬᠡᠶ ᠥᠷᠭᠡᠳᠬᠦ ᠶᠢ ᠳᠠᠭᠠᠯᠳᠤᠨ᠂ ᠬᠠᠭᠤᠴᠢᠨ | ᠰᠠᠭᠤᠭᠠᠯᠢ ᠲᠣᠭᠤᠷᠢᠭ ᠤᠨ ᠨᠢᠭᠡᠨᠲᠡ ᠪᠠᠶᠢᠭ᠎ᠠ ᠢᠯᠴᠢ ᠬᠠᠩᠭᠠᠬᠤ ᠬᠤᠭᠤᠯᠠᠶ ᠶᠢᠨ ᠲᠣᠤᠷ ᠨᠢ ᠰᠠᠭᠤᠭᠠᠯᠢ | ᠠᠷᠠᠳ ᠤᠨ ᠢᠯᠴᠢ ᠬᠠᠩᠭᠠᠬᠤ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠤᠯᠵᠤ᠂ ᠲᠠᠰ ᠳᠡᠪᠰᠢᠭᠦᠯᠦᠨ | ᠥᠭᠡᠷᠡᠴᠢᠯᠡᠬᠦ ᠶᠢ ᠲᠤᠯᠭᠠᠮ᠎ᠠ ᠱᠠᠭᠠᠷᠳᠠᠵᠤ ᠪᠠᠶᠢᠨ᠎ᠠ᠃ | ︽ᠪᠢᠳᠡ ︿ᠡᠪᠦᠯ ᠤᠨ ᠡᠪᠡᠳᠴᠢᠨ ᠢ ᠵᠤᠨ ᠵᠠᠰᠠᠬᠤ﹀ ᠠᠵᠢᠯ ᠤᠨ ᠰᠡᠳᠬᠢᠴᠡ ᠲᠠᠢ ᠤᠶᠠᠯᠳᠤᠭᠤᠯᠤᠨ᠂ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠦᠨᠡᠨ ᠠᠴᠠ ᠵᠥᠪ ᠢ ᠡᠷᠢᠵᠦ ᠠᠵᠢᠯ ᠤᠨ ᠲᠥᠰᠦᠯ ᠲᠣᠭᠲᠠᠭᠠᠵᠤ᠂ | ᠵᠣᠨ ᠤ ᠤᠯᠠᠷᠢᠯ ᠤᠨ ᠢᠯᠴᠢ ᠬᠠᠩᠭᠠᠬᠤ ᠪᠤᠰᠤ ᠬᠤᠭᠤᠴᠠᠭᠠᠨ ᠤ ᠠᠰᠢᠭᠲᠠᠶ ᠴᠠᠭ ᠲᠣᠬᠢᠶᠠᠯ ᠢ ᠠᠮᠵᠢᠨ᠂ | ᠬᠠᠭᠤᠴᠢᠷᠠᠭᠰᠠᠨ ᠲᠥᠬᠦᠭᠡᠷᠦᠮᠵᠢ ᠪᠠ ᠬᠤᠭᠤᠯᠠᠶ ᠶᠢ ᠲᠦᠷᠭᠡᠪᠴᠢᠯᠡᠨ ᠰᠣᠯᠢᠵᠤ᠂ ᠢᠯᠴᠢ ᠬᠠᠩᠭᠠᠬᠤ ᠰᠢᠰᠲ᠋ᠧᠮ ᠤᠨ | ᠠᠮᠤᠷ ᠲᠦᠪᠰᠢᠨ ᠴᠢᠨᠠᠷ ᠪᠠ ᠲᠣᠭᠲᠠᠪᠤᠷᠢᠲᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠳᠤᠯᠠᠭᠠᠯᠠᠭ᠎ᠠ ᠬᠠᠩᠭᠠᠬᠤ ᠶᠢ | ᠦᠨᠡᠨ ᠬᠦ ᠪᠠᠲᠤᠯᠠᠨ᠎ᠠ︾ ᠭᠡᠵᠦ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠨᠡᠶᠢᠲᠡ ᠶᠢᠨ ᠦᠢᠯᠡᠰ ᠤᠨ ᠬᠠᠮᠢᠶᠠᠷᠤᠯᠲᠠ ᠶᠢᠨ ᠰᠠᠯᠠᠭᠠᠨ ᠤ ᠳᠡᠳ᠋ ᠳᠠᠷᠤᠭ᠎ᠠ | ᠢᠦᠶ ᠱᠣ᠋ ᠲᠦᠩ ᠬᠡᠯᠡᠪᠡ᠃ | |