ᠲᠠᠩ ᠢ ᠦᠬᠠᠢ ᠪᠠᠩᠬᠢ ᠶᠢᠨ ᠡᠵᠡᠩᠨᠡᠯᠲᠡ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/8
     7 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠦᠬᠠᠶ ᠪᠠᠩᠬᠢ ᠶᠢᠨ ᠡᠵᠡᠩᠨᠡᠯᠲᠡ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠤᠳᠤᠷᠢᠳᠤᠯᠭ᠎ᠠ ᠯᠢ ᠠᠩ᠂ ᠯᠢ ᠴᠦᠨ ᠰᠢᠶᠤᠤ᠂ ᠯᠢ ᠳ᠋ᠦᠩ ᠣᠷᠣᠯᠴᠠᠪᠡ᠃      ᠲᠠᠩ ᠢ ᠤᠷᠢᠳ ᠬᠤᠵᠢᠳ ᠦᠬᠠᠢ ᠪᠠᠩᠬᠢ ᠶᠢᠨ ᠶᠢᠨ ᠶᠢᠩ ᠰᠠᠯᠪᠤᠷᠢ ᠪᠠᠩᠬᠢ᠂ ᠶᠡᠷᠦᠩᠬᠡᠢ ᠪᠠᠩᠬᠢ ᠶᠢᠨ ᠡᠵᠡᠩᠨᠡᠯᠲᠡ ᠶᠢᠨ ᠭᠠᠵᠠᠷ ᠲᠤ ᠬᠦᠷᠴᠦ᠂ ᠲᠤᠬᠠᠶᠢᠯᠠᠭᠰᠠᠨ ᠠᠵᠢᠯ ᠤᠨ ᠬᠥᠭᠵᠢᠯᠲᠡ᠂ ᠢᠲᠡᠭᠡᠮᠵᠢᠲᠦ ᠵᠢᠭᠡᠯᠡᠯᠭᠡ ᠲᠠᠷᠬᠠᠭᠠᠭᠰᠠᠨ ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ᠂ ᠲᠠᠩ ᠢ ᠦᠬᠠᠢ ᠪᠠᠩᠬᠢ ᠶᠢᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠡ᠃ ᠲᠡᠷᠡ ᠬᠡᠯᠡᠭᠰᠡᠨ ᠨᠢ᠂ ᠦᠬᠠᠢ ᠪᠠᠩᠬᠢ ᠬᠤᠳᠠ ᠶᠢᠨ ᠬᠤᠳᠠᠯᠳᠤᠭᠠᠨ ᠤ ᠪᠠᠩᠬᠢ ᠪᠣᠯᠤᠭᠰᠠᠨ ᠤ ᠬᠤᠪᠢ ᠳᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠪᠡ᠃ ᠣᠶᠢᠷ᠎ᠠ ᠶᠢᠨ ᠬᠡᠳᠦᠨ ᠵᠢᠯ ᠳᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ᠂ ᠡᠵᠡᠩᠨᠡᠯᠲᠡ ᠬᠠᠮᠢᠶᠠᠷᠤᠯᠲᠠ ᠪᠠᠨ ᠵᠢᠷᠤᠮᠵᠢᠭᠤᠯᠬᠤ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠪᠠᠷ ᠳᠠᠮᠵᠢᠨ᠂ ᠦᠬᠠᠢ ᠪᠠᠩᠬᠢ ᠶᠢᠨ ᠪᠦᠬᠦᠯᠢ ᠴᠣᠭᠴᠠ ᠶᠢᠨ ᠬᠥᠭᠵᠢᠯᠲᠡ ᠶᠢᠨ ᠪᠠᠶᠢᠳᠠᠯ ᠦᠷᠭᠦᠯᠵᠢᠯᠡᠨ ᠰᠠᠶᠢᠵᠢᠷᠠᠪᠠ᠃ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠪᠠ ᠱᠠᠭᠠᠷᠳᠠᠯᠭ᠎ᠠ ᠶᠢ ᠴᠢᠩᠭ᠎ᠠ ᠳᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠡᠷᠡᠰ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠶᠡᠭᠡ ᠵᠣᠷᠢᠭ ᠰᠢᠭᠤᠳᠴᠤ᠂ ᠶᠡᠭᠡ ᠬᠦᠴᠦ ᠣᠷᠣᠭᠤᠯᠵᠤ᠂ ᠨᠠᠮ ᠤᠨ ᠪᠠᠶᠢᠭᠤᠯᠤᠯᠲᠠ᠂ ᠡᠵᠡᠩᠨᠡᠯᠲᠡ ᠬᠠᠮᠢᠶᠠᠷᠤᠯᠲᠠ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢᠶᠠᠨ ᠦᠷᠭᠦᠯᠵᠢᠯᠡᠨ ᠰᠠᠶᠢᠲᠤᠷ ᠠᠳᠬᠤᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠢ ᠭᠡᠵᠡᠢ᠃      ᠲᠠᠩ ᠢ ᠦᠬᠠᠶ ᠪᠠᠩᠬᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠨᠢᠭᠡ ᠳᠤ᠂ ᠲᠦᠭᠰᠢᠭᠦᠷᠢ ᠶᠢ ᠠᠷᠢᠯᠭᠠᠬᠤ ᠥᠭᠡᠷᠡᠴᠢᠯᠡᠯᠲᠡ ᠶᠢᠨ ᠠᠭᠢᠴᠡ ᠪᠠᠨ ᠲᠦᠷᠭᠡᠳᠬᠡᠬᠦ ᠬᠡᠷᠡᠭᠲᠡᠶ᠃ ᠲᠦᠭᠰᠢᠭᠦᠷᠢ ᠶᠢᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠳ᠋ ᠬᠥᠷᠥᠩᠭᠡ ᠶᠢᠨ ᠬᠠᠮᠢᠶᠠᠷᠤᠯᠲᠠ ᠪᠠᠨ ᠴᠢᠩᠭᠠᠳᠬᠠᠨ᠂ ᠡᠵᠡᠩᠨᠡᠯᠲᠡ ᠶᠢᠨ ᠦᠢᠯᠡ ᠠᠵᠢᠯᠯᠠᠭ᠎ᠠ ᠪᠠᠨ ᠵᠢᠷᠤᠮᠵᠢᠭᠤᠯᠵᠤ᠂ ᠰᠲ᠋ᠣᠺ ᠤᠨ ᠡᠷᠬᠡ ᠶᠢᠨ ᠪᠦᠲᠦᠴᠡ ᠪᠠᠨ ᠲᠡᠭᠦᠯᠳᠡᠷᠵᠢᠭᠦᠯᠦᠨ᠂ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠲᠣᠭᠲᠠᠭᠠᠯ ᠳᠤ ᠨᠡᠶᠢᠴᠡᠭᠦᠯᠦᠨ ᠬᠢᠨᠠᠭᠤᠷ ᠪᠣᠯᠭᠤᠮᠵᠢᠲᠠᠢ ᠡᠵᠡᠩᠨᠡᠬᠦ ᠶᠢ ᠪᠠᠷᠢᠮᠲᠠᠯᠠᠬᠤ ᠬᠡᠷᠡᠭᠲᠡᠢ᠃ ᠲᠤᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠰᠢᠢᠳᠪᠦᠷᠢᠲᠦ ᠪᠤᠳᠤᠯᠭ᠎ᠠ ᠲᠣᠭᠲᠠᠭᠠᠵᠤ ᠡᠵᠡᠩᠨᠡᠬᠦ᠂ ᠳᠣᠲᠣᠭᠠᠳᠤ ᠶᠢᠨ ᠬᠠᠮᠢᠶᠠᠷᠤᠯᠲᠠ᠂ ᠴᠠᠯᠢᠩ ᠬᠥᠯᠥᠰᠥ ᠶᠢᠨ ᠰᠢᠰᠲ᠋ᠧᠮ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠵᠡᠷᠭᠡ ᠲᠠᠯ᠎ᠠ ᠠᠴᠠ ᠭᠠᠷᠳᠠᠵᠤ᠂ ᠤᠳᠤ ᠦᠶ᠎ᠡ ᠶᠢᠨ ᠪᠠᠩᠬᠢ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠵᠠᠰᠠᠯᠲᠠ ᠶᠢᠨ ᠰᠢᠰᠲ᠋ᠧᠮ ᠢᠶᠠᠨ ᠲᠡᠭᠦᠯᠳᠡᠷᠵᠢᠭᠦᠯᠵᠦ᠂ ᠵᠠᠰᠠᠯᠲᠠ ᠶᠢᠨ ᠴᠢᠳᠠᠪᠤᠷᠢ ᠪᠣᠯᠤᠨ ᠲᠦᠪᠰᠢᠨ ᠢᠶᠠᠨ ᠳᠡᠭᠡᠭᠰᠢᠯᠡᠭᠦᠯᠵᠦ᠂ ᠲᠠᠰᠤᠷᠠᠯᠳᠠ ᠦᠭᠡᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠬᠡᠷᠡᠭᠳᠡᠢ᠃ ᠭᠤᠷᠪᠠ ᠳᠤ᠂ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠭᠡᠷᠡᠭᠳᠡᠢ᠃ ᠡᠭᠢ ᠭᠠᠷᠣᠯ ᠳᠠᠭᠠᠨ ᠪᠤᠴᠠᠬᠤ᠂ ᠭᠤᠣᠯ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠪᠣᠳᠠᠲᠤ ᠴᠣᠭᠴᠠ ᠶᠢᠨ ᠠᠵᠤ ᠠᠬᠤᠢ᠂ ᠵᠢᠵᠢᠭ ᠪᠢᠴᠢᠯ ᠠᠵᠤ ᠠᠬᠤᠶᠢᠯᠠᠯ ᠪᠠ ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠬᠦ ᠶᠢᠨ ᠲᠣᠭᠤᠷᠢᠨ ᠳᠤ ᠨᠠᠷᠢᠨ ᠬᠢᠨᠠᠮᠠᠭᠠᠢ ᠰᠤᠳᠤᠯᠵᠤ᠂ ᠵᠣᠬᠢᠰᠲᠠᠢ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ᠂ ᠪᠣᠬᠢᠷᠳᠤᠯ ᠦᠭᠡᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠠᠭᠤᠰᠤᠯᠴᠠᠯ ᠪᠠ ᠲᠣᠭᠠᠴᠢᠯᠠᠭᠰᠠᠨ ᠮᠥᠩᠭᠦᠨ ᠭᠦᠢᠯᠭᠡᠭᠡ ᠶᠢ ᠬᠠᠨᠳᠤᠯᠭᠠᠲᠤ ᠴᠢᠨᠠᠷᠲᠠᠢ ᠪᠠᠷ ᠬᠥᠭᠵᠢᠭᠦᠯᠵᠦ᠂ ᠡᠯ᠎ᠡ ᠲᠠᠯ᠎ᠠ ᠳᠤ ᠴᠢᠨᠠᠷ ᠰᠠᠶᠢᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠬᠡᠷᠡᠭᠳᠡᠢ᠃ ᠲᠦᠷᠪᠡ ᠳᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠬᠤᠲᠠ᠂ ᠲᠣᠭᠤᠷᠢᠭ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠠᠨᠠᠭᠠᠴᠢᠯᠠᠭ᠎ᠠ ᠠᠴᠠ ᠪᠠᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠺᠣᠮᠫᠠᠨᠢ ᠶᠢᠨ ᠨᠠᠮ ᠤᠨ ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠶᠠᠭ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠲᠦᠷᠢᠮ ᠤᠨ ᠤᠬᠠᠮᠰᠠᠷ ᠢ ᠨᠢ ᠴᠢᠩᠭᠠᠳᠬᠠᠬᠤ ᠬᠡᠷᠡᠭᠲᠡᠢ᠃ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠬᠦ ᠪᠠᠨ ᠴᠢᠩᠭᠠᠳᠬᠠᠵᠤ᠂ ᠴᠢᠳᠠᠪᠤᠷᠢᠲᠠᠨ ᠢ ᠨᠥᠭᠡᠴᠡᠯᠡᠬᠦ ᠰᠢᠰᠲ᠋ᠧᠮ ᠢ ᠪᠠᠶᠢᠭᠤᠯᠵᠤ᠂ ᠪᠦᠲᠦᠴᠡ ᠪᠠᠷ ᠵᠦᠢ ᠵᠣᠬᠢᠰᠲᠠᠢ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠲᠤᠰᠬᠠᠶᠢᠵᠢᠭᠰᠠᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠬᠡᠷᠡᠭᠲᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号