ᠦᠬᠠᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠢᠯᠢᠳᠡᠭ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/7/9
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠡᠯ᠎ᠡ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠣᠶᠢᠷ᠎ᠠ ᠶᠢᠨ ᠬᠤᠶᠠᠷ ᠵᠢᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠥᠷᠨᠢᠭᠦᠯᠦᠭᠰᠡᠨ ᠪᠠᠶᠢᠳᠠᠯ᠂ ᠬᠠᠮᠢᠶᠠᠷᠤᠯᠲᠠ ᠶᠢᠨ ᠳᠦᠷᠢᠮ᠂ ᠡᠩᠨᠡᠭᠡᠨ ᠤ ᠪᠠᠶᠢᠭᠤᠯᠤᠯᠲᠠ᠂ ᠰᠢᠨᠵᠢᠯᠡᠬᠦ ᠤᠬᠠᠭᠠᠨ ᠲᠦᠭᠡᠮᠡᠯᠵᠢᠭᠦᠯᠦᠭᠰᠡᠨ ᠠᠵᠢᠯᠯᠠᠭ᠎ᠠ᠂ ᠰᠢᠨᠵᠢᠯᠡᠬᠦ ᠤᠬᠠᠭᠠᠨ ᠲᠦᠭᠡᠮᠡᠯᠵᠢᠭᠦᠯᠦᠭᠰᠡᠨ ᠦᠷ᠎ᠡ ᠪᠦᠲᠦᠮᠵᠢ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ᠂ ᠪᠦᠬᠦ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠶᠡᠷᠦᠩᠬᠡᠶᠢᠯᠡᠭᠰᠡᠨ ᠬᠢᠨᠠᠨ ᠰᠢᠯᠭᠠᠯᠳᠠ᠂ ᠦᠨᠡᠯᠡᠨ ᠵᠢᠱᠢᠯᠲᠡ ᠬᠢᠭᠰᠡᠨ ᠤ ᠳ᠋ᠦᠩ ᠳᠤ᠂ ᠦᠬᠠᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠢᠯᠢᠳᠡᠭ ᠰᠠᠭᠤᠷᠢᠨ ᠭᠠᠵᠠᠷ ᠢᠶᠠᠷ ᠦᠨᠡᠯᠡᠭᠳᠡᠵᠦ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ 20 ᠲᠦᠮᠡᠨ ᠲᠥᠭᠦᠷᠢᠭ ᠤᠨ ᠨᠥᠬᠦᠪᠥᠷᠢ ᠪᠡᠯᠡ ᠮᠥᠩᠭᠦ ᠣᠯᠪᠡ᠃       ᠣᠶᠢᠷ᠎ᠠ ᠶᠢᠨ ᠵᠢᠯ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠨᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠨᠡᠶᠢᠲᠡ 4 ᠪᠤᠶᠢᠵᠢᠭᠤᠯᠵᠤ᠂ ᠪᠥᠬᠦ ᠨᠡᠶᠢᠭᠡᠮ ᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠡᠷᠬᠢᠮᠯᠡᠬᠦ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠪᠠ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠢ ᠠᠷᠠᠳ ᠤᠨ ᠲᠦᠯᠦᠭᠡ︾ ︽ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠨᠢ ᠳᠡᠭᠡᠭᠰᠢᠯᠡᠭᠦᠯᠬᠦ︾ ᠤᠨᠤᠯᠵᠢᠬᠤᠨ ᠢ ᠦᠷᠬᠦᠯᠵᠢᠯᠡᠨ ᠪᠠᠷᠢᠮᠳᠠᠯᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠦᠢᠯᠡᠳᠦᠯ ᠢ ᠨᠢ ᠤᠯᠠᠮ ᠨᠢᠭᠡ ᠠᠯᠬᠤᠮ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨᠵᠢᠯᠡᠬᠦ ᠤᠬᠠᠭᠠᠨ ᠤ ᠦᠵᠡᠯ ᠰᠠᠨᠠᠭ᠎ᠠ ᠶᠢ ᠤᠯᠠᠮᠵᠢᠯᠠᠬᠤ᠂ ᠰᠢᠨᠵᠢᠯᠡᠬᠦ ᠤᠬᠠᠭᠠᠨᠴᠢ ᠠᠷᠭ᠎ᠠ ᠶᠢ ᠰᠠᠨᠠᠭᠠᠴᠢᠯᠠᠬᠤ ᠪᠠᠷ ᠳᠠᠮᠵᠢᠭᠤᠯᠤᠨ᠂ ᠬᠥᠮᠦᠰ ᠤᠨ ᠰᠢᠨᠵᠢᠯᠡᠬᠦ ᠤᠬᠠᠭᠠᠨ ᠢ ᠨᠠᠩ ᠰᠠᠶᠢᠲᠤᠷ ᠲᠠᠨᠢᠬᠤ᠂ ᠰᠢᠨᠵᠢᠯᠡᠬᠦ ᠤᠬᠠᠭᠠᠨ ᠢ ᠨᠡᠩ ᠰᠠᠶᠢᠲᠤᠷ ᠣᠶᠢᠯᠠᠭᠠᠬᠤ᠂ ᠰᠢᠨᠵᠢᠯᠡᠬᠦ ᠤᠬᠠᠭᠠᠨ ᠢ ᠨᠠᠩ ᠰᠠᠶᠢᠲᠤᠷ ᠰᠤᠷᠬᠤ ᠶᠢ ᠠᠬᠢᠭᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号