ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ | ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠪᠦᠷᠢᠨ ᠴᠢᠳᠠᠮᠵᠢᠲᠤ ᠺᠠᠷᠲ︾ ᠤᠨ | ᠰᠢᠰᠲ᠋ᠧᠮ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠳᠠᠩᠰᠠᠯᠠᠨ ᠣᠷᠣᠭᠤᠯᠬᠤ ᠠᠵᠢᠯ ᠢᠶᠠᠨ ᠯᠠᠪᠳᠠᠭᠤᠨ ᠪᠠᠲᠤᠲᠠᠶ | ᠠᠬᠢᠭᠤᠯᠵᠤ᠂ ᠲᠣᠭᠲᠠᠭᠰᠠᠨ ᠴᠠᠭ ᠤᠨ ᠳᠣᠲᠣᠷ᠎ᠠ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠴᠢᠶᠠᠯᠠᠪᠤᠷᠢ ᠪᠣᠯᠭᠠᠨ | ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠥᠷᠢ ᠪᠡᠯᠡ | ᠮᠥᠩᠭᠦ ᠣᠯᠭᠤᠬᠤ ᠶᠢ ᠦᠨᠡᠨ ᠬᠦ ᠪᠠᠲᠤᠯᠠᠪᠠ᠃ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠬᠦ ᠪᠠᠷ ᠳᠠᠮᠵᠢᠨ᠂ | ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠳᠡᠩᠰᠡᠯᠡᠯᠲᠡ ᠶᠢᠨ ᠪᠠᠶᠢᠳᠠᠯ ᠢ ᠨᠢᠭᠡ ᠡᠳᠦᠷ ᠲᠤ ᠨᠢᠭᠡ ᠯᠠᠪᠯᠠᠨ ᠠᠰᠠᠭᠤᠬᠤ᠂ | ᠨᠢᠭᠡ ᠭᠠᠷᠠᠭ ᠲᠤ ᠨᠢᠭᠡ ᠲᠣᠬᠢᠷᠠᠭᠤᠯᠬᠤ᠂ ᠨᠢᠭᠡ ᠰᠠᠷ᠎ᠠ ᠳᠤ ᠨᠢᠭᠡ ᠤᠳᠠᠭ᠎ᠠ ᠮᠡᠳᠡᠭᠳᠡᠬᠦ ᠶᠢ ᠪᠠᠷᠢᠮᠳᠠᠯᠠᠵᠤ᠂ ᠭᠤᠷᠪᠠᠨ | ᠲᠣᠭᠤᠷᠢᠭ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠭᠦᠷᠭᠡ ᠴᠢᠳᠠᠪᠤᠷᠢ ᠪᠠᠨ ᠦᠨᠡᠨ ᠬᠦ ᠭᠦᠢᠴᠡᠳᠭᠡᠵᠦ᠂ | ᠪᠠᠯᠭᠠᠰᠤ ︵ᠵᠡᠭᠡᠯᠢ ᠭᠤᠳᠤᠮᠵᠢ︶ ᠶᠢ ᠰᠢᠮᠳᠠᠭᠤᠯᠵᠤ ᠪᠠᠶᠢᠭᠠᠳ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠳᠡᠩᠰᠡᠯᠡᠨ | ᠣᠷᠣᠭᠤᠯᠬᠤ ᠠᠵᠢᠯ ᠢᠶᠠᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ ᠥᠪᠥᠷ ᠮᠣᠩᠭᠤᠯ ᠤᠨ ᠶᠢᠨ ᠼᠠᠢ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ | ᠪᠣᠯᠤᠨ ᠣᠷᠣᠯᠠᠨ ᠭᠦᠢᠴᠡᠳᠬᠡᠬᠦ ᠪᠠᠩᠬᠢ ᠶᠢ ᠵᠣᠬᠢᠴᠠᠭᠤᠯᠵᠤ᠂ ᠭᠤᠷᠪᠠᠨ ᠲᠣᠭᠤᠷᠢᠭ ᠤᠨ ᠲᠤᠰᠬᠠᠭᠰᠠᠨ | ᠠᠰᠠᠭᠤᠳᠠᠯ ᠤᠨ ᠲᠤᠬᠠᠶ ᠵᠣᠯᠭᠠᠭᠤᠯᠤᠨ ᠨᠡᠪᠲᠡᠷᠡᠯᠴᠡᠵᠦ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ︽ᠪᠦᠷᠢᠨ | ᠴᠢᠳᠠᠮᠵᠢᠲᠤ ᠺᠠᠷᠲ︾ ᠤᠨ ᠰᠢᠰᠲ᠋ᠧᠮ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠳᠠᠩᠰᠠᠯᠠᠨ ᠣᠷᠣᠭᠤᠯᠬᠤ ᠠᠵᠢᠯ | ᠢᠶᠠᠨ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠪᠠ᠃ | 6 ᠰᠠᠷ᠎ᠠ ᠶᠢᠨ 26 ᠤ ᠡᠳᠦᠷ ᠪᠣᠯᠲᠠᠯ᠎ᠠ᠂ ᠮᠠᠨ ᠤ ᠬᠤᠲᠠ ᠶᠢᠨ ︽ᠪᠦᠷᠢᠨ ᠴᠢᠳᠠᠮᠵᠢᠲᠤ ᠺᠠᠷᠲ︾ ᠤᠨ | ᠰᠢᠰᠲ᠋ᠧᠮ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠳᠡᠩᠰᠡᠯᠡᠯᠲᠡ ᠶᠢᠨ ᠨᠣᠷᠮ᠎ᠠ 67.62% ︵ᠴᠠᠭ | ᠲᠠᠷᠠᠭᠠᠯᠠᠭᠰᠠᠨ ᠠᠬᠢᠴᠠ ᠠᠴᠠ 17.62% ᠲᠠᠪᠠᠪᠠ︶ ᠲᠤ ᠬᠦᠷᠪᠡ᠂ ᠡᠭᠦᠨ ᠳᠤ ᠤᠳᠠ ᠲᠣᠭᠤᠷᠢᠭ 81.97% | ︵ᠴᠠᠭ ᠲᠠᠷᠠᠭᠠᠯᠠᠭᠰᠠᠨ ᠠᠬᠢᠴᠠ ᠠᠴᠠ 31.97% ᠲᠠᠪᠠᠪᠠ︶᠂ ᠬᠠᠶᠢᠨᠠᠨ ᠲᠣᠭᠤᠷᠢᠭ 81.75% ︵ᠴᠠᠭ | ᠲᠠᠷᠠᠭᠠᠯᠠᠭᠰᠠᠨ ᠠᠬᠢᠴᠠ ᠠᠴᠠ 31.75% ᠲᠠᠪᠠᠪᠠ︶᠂ ᠬᠠᠶᠢᠷᠤᠪ ᠤᠨ ᠲᠣᠬᠤᠢ ᠲᠣᠭᠤᠷᠢᠭ 61.07% ︵ᠴᠠᠭ | ᠲᠠᠷᠠᠭᠠᠯᠠᠭᠰᠠᠨ ᠠᠬᠢᠴᠠ ᠠᠴᠠ 11.07% ᠲᠠᠪᠠᠪᠠ︶ ᠳᠤ ᠬᠦᠷᠪᠡ᠃ |