ᠬᠠᠲᠤᠨ ᠭᠤᠣᠯ ᠤᠨ ᠰᠠᠪᠠ ᠭᠠᠵᠠᠷ ᠤᠨ ᠠᠵᠤ ᠦᠢᠯᠡᠳᠪᠦᠷᠢ ᠶᠢᠨ ᠤᠰᠤ ᠠᠷᠪᠢᠯᠠᠬᠤ ᠲᠤᠬᠠᠢ ᠶᠢᠨ ᠲᠠᠯᠠᠪᠠᠢ ᠶᠢᠨ ᠰᠣᠯᠢᠯᠴᠠᠭᠠᠨ ᠤ ᠬᠤᠷᠠᠯ ᠮᠠᠷᠭᠠᠰᠢ ᠬᠤᠷᠠᠯᠳᠤᠨ᠎ᠠ
ᠨᠡᠶᠢᠲᠡᠯᠡᠭᠰᠡᠨ ᠴᠠᠭ᠄
2024/8/1
     ᠰᠤᠷᠪᠤᠯᠵᠢᠯᠠᠭᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠨᠢ᠂ ᠬᠠᠲᠤᠨ ᠭᠤᠣᠯ ᠤᠨ ᠰᠠᠪᠠ ᠭᠠᠵᠠᠷ ᠤᠨ ᠠᠵᠤ ᠦᠢᠯᠡᠳᠪᠦᠷᠢ ᠶᠢᠨ ᠤᠰᠤ ᠠᠷᠪᠢᠯᠠᠬᠤ ᠲᠤᠬᠠᠢ ᠶᠢᠨ ᠲᠠᠯᠠᠪᠠᠢ ᠶᠢᠨ ᠰᠣᠯᠢᠯᠴᠠᠭᠠᠨ ᠤ ᠬᠤᠷᠠᠯ 8 ᠰᠠᠷ᠎ᠠ ᠶᠢᠨ 2 ᠤᠨ ᠡᠳᠦᠷ ᠮᠠᠨ ᠤ ᠬᠤᠲᠠ ᠳᠤ ᠬᠤᠷᠠᠯᠳᠤᠬᠤ ᠪᠣᠯᠤᠨ᠎ᠠ᠃ ᠲᠣᠰ ᠤᠳᠠᠭᠠᠨ ᠤ ᠬᠤᠷᠠᠯ ᠢ ᠤᠰᠤᠨ ᠠᠰᠢᠭᠯᠠᠯᠲᠠ ᠶᠢᠨ ᠶᠠᠮᠤᠨ ᠤ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠠᠴᠠ ᠭᠤᠤᠯᠯᠠᠨ ᠡᠷᠭᠢᠯᠡᠵᠦ᠂ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠡᠮᠵᠢᠵᠦ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠲᠠᠭᠠᠭᠠᠴᠢᠯᠠᠨ ᠡᠷᠭᠢᠯᠡᠵᠦ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠪᠠ ᠦᠬᠠᠶ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠵᠢᠯᠴᠠᠨ ᠡᠷᠭᠢᠯᠡᠬᠦ ᠪᠤᠯᠤᠨ᠎ᠠ᠃      ᠣᠶᠢᠯᠠᠭᠠᠭᠰᠠᠨ ᠢᠶᠠᠷ᠂ ᠬᠠᠲᠤᠨ ᠭᠤᠤᠯ ᠤᠨ ᠰᠠᠪᠠ ᠭᠠᠵᠠᠷ ᠤᠨ ᠠᠵᠤ ᠦᠢᠯᠡᠳᠪᠦᠷᠢ ᠶᠢᠨ ᠤᠰᠤ ᠠᠷᠪᠢᠯᠠᠬᠤ ᠲᠤᠬᠠᠶ ᠶᠢᠨ ᠲᠠᠯᠠᠪᠠᠶ ᠶᠢᠨ ᠰᠣᠯᠢᠯᠴᠠᠭᠠᠨ ᠤ ᠬᠤᠷᠠᠯ ᠳᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠳᠤ ᠠᠷᠭ᠎ᠠ ᠤᠬᠠᠭᠠᠨ ᠭᠠᠷᠭᠠᠵᠤ᠂ ᠬᠠᠲᠤᠨ ᠭᠤᠤᠯ ᠤᠨ ᠰᠠᠪᠠ ᠭᠠᠵᠠᠷ ᠤᠨ ᠡᠯ᠎ᠡ ᠮᠤᠵᠢ ᠣᠷᠣᠨ ᠤ ᠲᠥᠯᠥᠭᠡᠯᠡᠭᠴᠢ ᠤᠰᠤ ᠠᠷᠪᠢᠯᠠᠬᠤ ᠲᠤᠷᠰᠢᠯᠭ᠎ᠠ᠂ ᠵᠠᠭᠪᠤᠷ᠂ ᠤᠷ᠎ᠠ ᠮᠡᠷᠭᠡᠵᠢᠯ ᠢᠶᠠᠨ ᠲᠠᠨᠢᠯᠴᠠᠭᠤᠯᠬᠤ ᠪᠣᠯᠤᠨ᠎ᠠ᠃ ᠬᠤᠷᠠᠯ ᠳᠡᠭᠡᠷ᠎ᠡ ︽ᠬᠠᠲᠤᠨ ᠭᠤᠣᠯ ᠤᠨ ᠰᠠᠪᠠ ᠭᠠᠵᠠᠷ ᠤᠨ ᠠᠵᠤ ᠦᠢᠯᠡᠳᠪᠦᠷᠢ ᠶᠢᠨ ᠤᠰᠤ ᠠᠷᠪᠢᠯᠠᠬᠤ ᠠᠵᠢᠯᠯᠠᠭ᠎ᠠ ᠶᠢᠨ ᠲᠤᠩᠬᠠᠭ︾ ᠢ ᠨᠡᠢᠲᠡᠯᠡᠨ᠎ᠡ᠃ ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠠᠷᠪᠢᠯᠠᠬᠤ ᠪᠠᠶᠢᠳᠠᠯ ᠪᠣᠯᠤᠨ ᠡᠩ ᠤᠨ ᠪᠤᠰᠤ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠨ᠎ᠡ᠃      ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠤᠰᠤ ᠪᠠᠷ ᠲᠦᠷᠪᠡ ᠶᠢ ᠲᠣᠭᠲᠠᠭᠠᠬᠤ︾ ᠶᠢ ᠪᠥᠬᠦ ᠲᠠᠯ᠎ᠠ ᠪᠠᠷ ᠲᠤᠤᠱᠯᠠᠭᠤᠯᠵᠤ᠂ ︽ᠲᠥᠰᠦᠪ+ ᠲᠥᠯᠥᠪᠯᠡᠭᠡ+ ᠲᠣᠭᠲᠠᠭᠰᠠᠨ ᠨᠣᠷᠮ᠎ᠠ︾ ᠶᠢᠨ ︽3+︾ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠵᠠᠭᠪᠤᠷ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠳᠤ ᠬᠠᠮᠤᠭ ᠤᠨ ᠲᠦᠷᠦᠭᠦᠨ ᠳᠤ ︽ᠤᠰᠤ ᠶᠢ ᠠᠷᠪᠢᠯᠠᠵᠤ ᠬᠢᠵᠠᠭᠠᠷᠯᠠᠬᠤ ᠠᠵᠢᠯᠯᠠᠭ᠎ᠠ ᠶᠢ ᠥᠷᠨᠢᠭᠦᠯᠵᠦ  ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ︽ᠦᠬᠠᠶ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠲᠦᠷᠢᠮ︾ ᠢ ᠨᠡᠶᠢᠲᠡᠯᠡᠨ ᠬᠡᠷᠡᠭᠵᠢᠭᠦᠯᠪᠡ᠃ ᠪᠦᠬᠦ ᠤᠯᠤᠰ ᠲᠤ ᠡᠩ ᠲᠡᠷᠢᠭᠦᠨ ᠳᠤ ᠤᠰᠤᠨ ᠤ ᠡᠬᠢ ᠪᠠᠶᠠᠯᠢᠭ ᠤᠨ ᠲᠥᠰᠦᠪ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠵᠦ᠂ ︽ᠤᠷᠢᠳᠠᠪᠠᠷ ᠲᠦᠰᠦᠪ ᠲᠤᠭᠳᠠᠭᠠᠬᠤ᠂ ᠳᠠᠷᠠᠭ᠎ᠠ ᠨᠢ ᠤᠰᠤ ᠬᠡᠷᠡᠭᠯᠡᠬᠦ᠂ ᠲᠥᠰᠦᠪ ᠲᠤᠭᠳᠠᠭᠠᠭᠰᠠᠨ ᠦᠭᠡᠢ ᠪᠤᠯ᠂ ᠤᠰᠤ ᠶᠢ ᠬᠡᠷᠡᠭᠯᠡᠬᠦ ᠶᠢ ᠴᠠᠭᠠᠵᠠᠯᠠᠬᠤ︾ ᠦᠨᠳᠦᠰᠦᠨ ᠵᠠᠷᠴᠢᠮ ᠶᠣᠰᠣᠭᠠᠷ᠂ ᠤᠰᠤᠨ ᠤ ᠬᠡᠮᠵᠢᠶ᠎ᠡ ᠶᠢ ᠨᠠᠷᠢᠯᠢᠭᠵᠢᠭᠤᠯᠤᠨ ᠵᠠᠳᠠᠯᠬᠤ᠂ ᠰᠠᠷ᠎ᠠ ᠳᠠᠷᠠᠭᠠᠯᠠᠨ ᠲᠣᠬᠢᠷᠠᠭᠤᠯᠬᠤ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ᠂ ᠤᠰᠤᠨ ᠤ ᠡᠬᠢ ᠪᠠᠶᠠᠯᠢᠭ ᠢ ᠨᠠᠷᠢᠯᠢᠭᠵᠢᠭᠤᠯᠤᠨ ᠬᠠᠮᠢᠶᠠᠷᠬᠤ ᠶᠢ ᠪᠡᠶᠡᠯᠡᠭᠦᠯᠬᠦ ᠶᠢ ᠠᠬᠢᠭᠤᠯᠪᠡ᠃ ᠤᠰᠤ ᠠᠷᠪᠢᠯᠠᠬᠤ ᠶᠢ ᠠᠵᠤ ᠦᠢᠯᠡᠰᠵᠢᠭᠦᠯᠬᠦ ᠪᠠ ᠠᠵᠤ ᠦᠢᠯᠡᠰ ᠤᠨ ᠤᠰᠤ ᠠᠷᠪᠢᠯᠠᠬᠤ ᠶᠢ ᠲᠦᠯᠬᠢᠨ ᠠᠬᠢᠭᠤᠯᠵᠤ᠂ ︽ᠦᠬᠠᠢ ᠬᠤᠳᠠ ᠶᠢᠨ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ︵2024— 2030 ᠣᠨ︶︾ ᠶᠢ ᠪᠦᠬᠦ ᠤᠯᠤᠰ ᠲᠤ ᠡᠩ ᠲᠡᠷᠢᠭᠦᠨ ᠳᠤ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ ᠪᠦᠬᠦ ᠬᠤᠳᠠ ᠶᠢᠨ ᠤᠰᠤ ᠠᠷᠪᠢᠯᠠᠬᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠮᠠᠨ ᠤ ᠬᠤᠳᠠ ᠶᠢᠨ ᠤᠰᠤ ᠠᠷᠪᠢᠯᠠᠬᠤ ᠣᠨᠣᠯᠵᠢᠬᠤᠨ᠂ ᠳᠦᠷᠢᠮ᠂ ᠮᠡᠷᠭᠡᠵᠢᠯ᠂ ᠵᠠᠭᠪᠤᠷ ᠤᠨ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠡ᠃ ᠤᠰᠤᠨ ᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷᠴᠢᠯᠡᠯᠲᠡ ᠶᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠲᠤᠰᠬᠠᠢ ᠣᠷᠣᠨ ᠤ ᠳᠡᠰ ᠤᠨ ᠬᠤᠲᠠ ᠶᠢᠨ ᠤᠰᠤᠨ ᠤ ᠡᠷᠬᠡ ᠶᠢᠨ ᠠᠷᠠᠯᠵᠢᠶᠠᠨ ᠤ ᠡᠯᠧᠺᠲᠷᠣᠨ ᠲᠠᠪᠴᠠᠩ ᠢ ᠤᠷᠢᠳᠠᠪᠠᠷ ᠪᠠᠶᠢᠭᠤᠯᠵᠤ᠂ ᠮᠠᠨ ᠤ ᠬᠤᠲᠠ ᠶᠢᠨ ᠤᠰᠤᠨ ᠤ ᠡᠷᠬᠡ ᠶᠢᠨ ᠠᠷᠠᠯᠵᠢᠶᠠᠨ ᠤ ᠬᠡᠷᠡᠭ ᠤᠨ ᠵᠢᠱᠢᠶ᠎ᠡ ᠶᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ︽︿ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠰᠠᠨᠠᠯ﹀ ᠢ ᠬᠠᠪᠰᠤᠷᠤᠨ ᠵᠢᠯᠣᠭᠤᠳᠬᠤ ᠤᠩᠰᠢᠬᠤ ᠪᠢᠴᠢᠭ︾ ᠲᠤ ᠣᠷᠣᠭᠤᠯᠤᠨ ᠳᠡᠯᠭᠡᠷᠡᠭᠦᠯᠪᠡ᠃ ᠳ᠋ᠢᠵᠢᠲ᠋ᠠᠯᠴᠢᠯᠠᠭᠰᠠᠨ ᠬᠤᠶᠠᠷᠴᠢ ᠤᠰᠤᠨ ᠠᠰᠢᠭᠯᠠᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠳ᠋ᠢᠵᠢᠲ᠋ᠠᠯᠴᠢᠯᠠᠭᠰᠠᠨ ᠮᠡᠷᠭᠡᠵᠢᠯ ᠢᠶᠠᠷ ᠡᠨᠧᠷᠭᠢ ᠣᠯᠭᠤᠬᠤ ᠤᠰᠤᠨ ᠠᠰᠢᠭᠯᠠᠯᠲᠠ ᠶᠢᠨ ᠬᠥᠭᠵᠢᠯᠲᠡ ᠶᠢ ᠬᠡᠷᠡᠭᠵᠢᠭᠦᠯᠵᠦ᠂ ᠣᠷᠣᠨ ᠪᠦᠰᠡ ᠬᠤᠪᠢᠶᠠᠬᠤ᠂ ᠠᠵᠢᠯ ᠲᠥᠷᠥᠯ ᠬᠤᠪᠢᠶᠠᠬᠤ᠂ ᠬᠡᠷᠡᠭᠴᠡᠭᠡ ᠬᠤᠪᠢᠶᠠᠬᠤ᠂ ᠤᠰᠤᠨ ᠰᠤᠷᠪᠤᠯᠵᠢ ᠬᠤᠪᠢᠶᠠᠬᠤ ᠬᠠᠮᠢᠶᠠᠷᠤᠯᠲᠠ ᠶᠢᠨ ᠬᠡᠰᠡᠭ ᠢ ᠪᠥᠲᠥᠭᠡᠨ ᠪᠠᠶᠢᠭᠤᠯᠵᠤ᠂ ᠤᠰᠤᠨ ᠤ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠶᠢᠨ ︽ᠨᠢᠭᠡ ᠵᠢᠷᠤᠭ︾ ᠤᠨ ᠬᠠᠮᠢᠶᠠᠷᠤᠯᠲᠠ ᠶᠢᠨ ᠵᠠᠭᠪᠤᠷ ᠢ ᠪᠡᠶᠡᠯᠡᠭᠦᠯᠪᠡ᠃ ᠡᠩ ᠤᠨ ᠪᠤᠰᠤ ᠤᠰᠤᠨ ᠰᠤᠷᠪᠤᠯᠵᠢ ᠶᠢ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠲᠣᠬᠢᠷᠠᠭᠤᠯᠤᠯᠲᠠ ᠳᠤ ᠣᠷᠣᠭᠤᠯᠵᠤ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ 94% ᠳᠤ ᠬᠦᠷᠴᠦ᠂ ᠪᠥᠬᠦ ᠤᠯᠤᠰ ᠤᠨ ᠨᠡᠶᠢᠲᠡᠯᠢᠭ ᠭᠠᠵᠠᠷ ᠣᠷᠣᠨ ᠤ ᠳᠠᠬᠢᠯᠲᠠ ᠤᠰᠤ ᠶᠢ ᠠᠰᠢᠭᠯᠠᠬᠤ ᠲᠣᠬᠢᠷᠠᠭᠤᠯᠤᠯᠲᠠ ᠶᠢᠨ ᠲᠤᠷᠰᠢᠯᠲᠠ ᠶᠢᠨ ᠳᠤᠮᠳᠠ ᠬᠤᠭᠤᠴᠠᠭᠠᠨ ᠤ 23 ᠰᠢᠯᠢᠳᠡᠭ ᠬᠤᠲᠠ ᠶᠢᠨ ᠳᠣᠲᠣᠷ᠎ᠠ ᠵᠢᠷᠭᠤᠳᠤᠭᠠᠷ ᠲᠤ ᠵᠢᠭᠰᠠᠭᠠᠭᠳᠠᠵᠤ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠮᠤᠷ ᠲᠦᠪᠰᠢᠨ ᠥᠨᠳᠥᠷ ᠪᠦᠲᠦᠮᠵᠢᠲᠡᠶ ᠠᠰᠢᠭᠯᠠᠬᠤ ᠰᠢᠨ᠎ᠡ ᠵᠠᠮ ᠢ ᠡᠭᠦᠳᠴᠦ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠬᠤᠰᠢᠭᠤᠷᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号