8 ᠰᠠᠷ᠎ᠠ ᠶᠢᠨ 9 ᠤ ᠣᠷᠣᠢ᠂ ︽ᠤᠮᠠᠷᠠᠲᠤ ᠬᠢᠯᠢ ᠪᠠᠨ ᠮᠠᠭᠲᠠᠨ ᠳᠠᠭᠤᠯᠠᠶ᠎ᠠ︾ ᠬᠡᠬᠦ 2024 ᠣᠨ ᠤ ᠥᠪᠥᠷ | ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠦᠬᠠᠶ ᠨᠠᠭᠤᠷ ᠤᠨ ᠬᠥᠪᠡᠭᠡᠨ ᠳᠤ ᠡᠬᠢᠯᠡᠪᠡ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠪᠠᠶᠠᠷ ᠤᠨ ᠦᠭᠡ | ᠬᠡᠯᠡᠭᠰᠡᠨ ᠪᠥᠭᠡᠳ ᠦᠪᠡᠳᠡᠭᠰᠢ ᠨᠠᠶᠢᠷ ᠡᠬᠢᠯᠡᠭᠰᠡᠨ ᠢ ᠵᠠᠷᠯᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ᠂ ᠳᠤᠮᠳᠠᠳᠤ ᠤᠯᠤᠰ ᠤᠨ | ᠠᠷᠠᠳ ᠤᠨ ᠲᠠᠭᠤᠤ ᠶᠢᠨ ᠨᠡᠶᠢᠭᠡᠮᠯᠢᠭ ᠤᠨ ᠬᠤᠪᠢᠶᠠᠷᠢ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠳᠡᠳ᠋ ᠨᠠᠷᠢᠨ ᠪᠢᠴᠢᠭ ᠤᠨ ᠳᠠᠷᠤᠭ᠎ᠠ ᠯᠢᠦᠶ ᠵᠢᠶ᠂ ᠳᠤᠮᠳᠠᠳᠤ ᠤᠯᠤᠰ ᠤᠨ ᠠᠷᠠᠳ ᠤᠨ ᠲᠠᠭᠤᠤ ᠶᠢᠨ ᠨᠡᠶᠢᠭᠡᠮᠯᠢᠭ ᠤᠨ | ᠠᠯᠪᠠᠨ ᠬᠡᠷ ᠤᠨ ᠡᠷᠬᠢᠯᠡᠭᠴᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢᠦ ᠾᠦᠢ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠲᠢᠶᠠᠨ ᠿᠦᠢ ᠬᠤᠸᠠ᠂ | ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠮᠧᠩ ᠫᠸᠢ ᠶᠦᠨ᠂ ᠶᠠᠨ ᠱᠤᠸᠠᠩ᠂ ᠵᠠᠩ ᠶᠦᠩ᠂ ᠹᠦ᠋ ᠲᠢᠩ ᠯᠢᠨ | ᠨᠡᠷ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠲᠣᠭᠯᠠᠯᠲᠠ ᠶᠢ ᠰᠣᠨᠢᠷᠬᠠᠪᠠ᠃ | ᠼᠦᠢ ᠵᠢᠩ ᠶᠢᠩ ᠬᠡᠯᠡᠭᠰᠡᠨ ᠨᠢ᠂ 8 ᠰᠠᠷ᠎ᠠ ᠶᠢᠨ ᠦᠬᠠᠢ ᠶᠢᠨ ᠰᠡᠳᠭᠢᠯᠭᠡ ᠣᠷᠭᠢᠯᠤᠮ᠎ᠠ ᠬᠠᠯᠠᠭᠤᠨ᠂ ᠬᠠᠳᠤᠨ | ᠭᠤᠣᠯ ᠤᠨ ᠬᠥᠪᠡᠭᠡᠨ ᠳᠤ ᠣᠶᠠᠩᠭᠠᠲᠤ ᠲᠠᠭᠤᠤ ᠬᠠᠩᠭᠢᠨᠠᠨ᠎ᠠ᠃ ᠪᠦᠬᠦ ᠤᠯᠤᠰ ᠢᠶᠠᠷ ᠢᠶᠠᠨ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ ᠪᠠᠶᠢᠭ᠎ᠠ ᠴᠢᠬᠤᠯᠠ ᠴᠠᠭ ᠮᠥᠴᠡ ᠳᠤ᠂ ︽ᠤᠮᠠᠷᠠᠲᠤ ᠬᠢᠯᠢ ᠪᠠᠨ ᠮᠠᠭᠲᠠᠨ ᠳᠠᠭᠤᠯᠠᠶ᠎ᠠ︾ | ᠬᠡᠬᠦ 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠨᠢ ᠦᠵᠡᠰᠬᠦᠯᠡᠩᠲᠦ | ᠰᠠᠶᠢᠬᠠᠨ ᠦᠬᠠᠢ ᠨᠠᠭᠤᠷ ᠤᠨ ᠬᠥᠪᠡᠭᠡᠨ ᠳᠤ ᠴᠤᠭᠯᠠᠷᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠠᠷ ᠡᠭᠢᠯᠡᠪᠡ᠃ | 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠲᠤ ᠨᠠᠷᠠᠲᠤ ᠳᠠᠭᠤᠴᠢᠨ᠂ | ᠬᠠᠲᠤᠨ ᠭᠤᠤᠯ ᠳᠠᠭᠠᠤ ᠶᠢᠨ ᠶᠢᠰᠦᠨ ᠮᠤᠵᠢ ᠣᠷᠣᠨ ᠤ ᠲᠣᠭᠯᠠᠭᠴᠢᠳ ᠵᠢᠴᠢ ᠪᠥᠬᠦ ᠤᠯᠤᠰ ᠤᠨ ᠡᠯ᠎ᠡ ᠭᠠᠵᠠᠷ ᠤᠨ | ᠪᠠᠭᠠᠴᠤᠳ ᠬᠡᠤᠬᠡᠳ ᠤᠨ ᠲᠣᠭᠯᠠᠯᠲᠠ ᠶᠢᠨ ᠪᠦᠯᠬᠦᠮ ᠤᠨ ᠵᠠᠭᠤ ᠰᠢᠬᠠᠮ ᠰᠢᠯᠢᠳᠡᠭ ᠠᠷᠠᠳ ᠤᠨ ᠳᠠᠭᠤᠤ ᠶᠢᠨ | ᠪᠦᠲᠦᠭᠡᠯ ᠢ ᠴᠤᠭᠯᠠᠭᠤᠯᠵᠤ᠂ ᠣᠨᠴᠠᠯᠢᠭ ᠨᠢ ᠢᠯᠡ ᠲᠣᠳᠣ᠂ ᠴᠣᠭᠴᠠ ᠨᠢ ᠣᠯᠠᠨ ᠶᠠᠩᠵᠤ ᠶᠢᠨ ᠪᠠᠶᠢᠳᠠᠭ ᠢᠶᠠᠷ ᠢᠶᠠᠨ | ᠥᠷᠭᠡᠨ ᠣᠯᠠᠨ ᠦᠵᠡᠭᠴᠢᠳ ᠲᠤ ᠨᠢᠭᠡᠨ ᠭᠤᠶᠢᠳᠠ ᠰᠠᠶᠢᠬᠠᠨ ᠮᠠᠷᠲᠠᠭᠳᠠᠰᠢ ᠥᠬᠡᠶ ᠬᠠᠷᠠᠭ᠎ᠠ ᠰᠣᠨᠣᠷ ᠤᠨ | ᠦᠪᠡᠳᠡᠭᠰᠢ ᠨᠠᠶᠢᠷ ᠢ ᠳᠡᠯᠭᠡᠨ ᠦᠵᠡᠭᠦᠯᠵᠦ᠂ ᠤᠮᠠᠷᠠᠲᠤ ᠬᠢᠯᠢ ᠶᠢᠨ ᠥᠬᠢᠳ ᠬᠥᠪᠡᠭᠦᠳ ᠲᠤ ᠰᠢᠨ᠎ᠡ ᠭᠠᠷᠤᠭ᠎ᠠ | ᠳᠡᠭᠡᠷ᠎ᠡ ᠰᠣᠶᠣᠯ ᠤᠨ ᠴᠡᠴᠡᠭᠯᠡᠯᠲᠡ ᠶᠢ ᠦᠷᠭᠦᠯᠵᠢᠯᠡᠨ ᠠᠬᠢᠭᠤᠯᠵᠤ᠂ ᠰᠣᠶᠣᠯ ᠤᠨ ᠬᠦᠴᠦᠷᠬᠡᠭ ᠤᠯᠤᠰ ᠢ ᠪᠥᠲᠥᠭᠡᠨ | ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠣᠲᠣ ᠦᠶ᠎ᠡ ᠶᠢᠨ ᠪᠣᠯᠪᠠᠰᠤᠨ ᠢ ᠪᠥᠲᠥᠭᠡᠨ ᠪᠠᠶᠢᠭᠤᠯᠬᠤ ᠡᠷᠡᠯᠬᠡᠭᠯᠡᠨ | ᠤᠷᠤᠭᠰᠢᠯᠠᠬᠤ ᠣᠮᠤᠭ ᠵᠣᠷᠢᠭ ᠢ ᠤᠯᠠᠮ ᠨᠢᠭᠡ ᠠᠯᠬᠤᠮ ᠬᠥᠭᠵᠢᠭᠡᠬᠦ ᠪᠣᠯᠤᠨ᠎ᠠ᠃ ᠬᠦᠨᠳᠦᠲᠦ ᠵᠣᠴᠢᠳ ᠠᠷᠠᠳ ᠤᠨ | ᠳᠠᠭᠤᠤ ᠤᠷᠠᠯᠢᠭ ᠢ ᠰᠣᠨᠢᠷᠬᠠᠬᠤ ᠶᠢᠨ ᠬᠠᠮᠲᠤ᠂ ᠦᠬᠠᠢ ᠳᠤ ᠢᠯᠡᠭᠦᠬᠡᠨ ᠢᠷᠡᠵᠦ᠂ ᠢᠯᠡᠭᠦᠬᠡᠨ ᠦᠵᠡᠵᠦ᠂ ᠰᠢᠷ᠎ᠠ | ᠡᠯᠡᠰᠦ ᠴᠡᠩᠭᠡᠭ ᠤᠰᠤ ᠶᠢ ᠰᠣᠨᠢᠷᠬᠠᠵᠤ᠂ ᠨᠡᠬᠦᠳᠡᠯ ᠤᠨ ᠰᠢᠪᠠᠭᠤᠳ ᠢ ᠪᠠᠭ᠋ᠠᠷᠬᠠᠵᠤ᠂ ᠣᠷᠲᠤ ᠭᠤᠤᠯ ᠳᠤ ᠨᠠᠷᠠᠨ | ᠵᠢᠷᠭᠠᠬᠤ ᠶᠢ ᠰᠣᠨᠢᠷᠬᠠᠵᠤ᠂ ᠦᠵᠦᠮ ᠤᠨ ᠠᠮᠳᠠᠲᠣ ᠠᠷᠢᠬᠢ ᠶᠢ ᠠᠮᠲᠠᠯᠠᠵᠤ᠂ ᠡᠯᠡᠰᠦ ᠲᠠᠯᠠᠢ ᠵᠠᠯᠭᠠᠯᠳᠣᠭᠰᠠᠨ | ᠦᠵᠡᠰᠬᠦᠯᠡᠩᠲᠦ ᠰᠠᠶᠢᠬᠠᠨ ᠦᠬᠠᠶ ᠶᠢᠨ ᠦᠵᠡᠮᠵᠢ ᠶᠢ ᠲᠠᠭᠠᠰᠢᠶᠠᠵᠤ᠂ ᠠᠭᠤᠯᠠ ᠤᠰᠤ ᠵᠠᠯᠭᠠᠯᠳᠤᠭᠰᠠᠨ ᠥᠪᠡᠷᠮᠢᠴᠡ | ᠦᠵᠡᠮᠵᠢ ᠶᠢ ᠰᠣᠨᠢᠷᠬᠠᠬᠤ ᠶᠢ ᠬᠦᠰᠡᠵᠦ ᠪᠠᠶᠢᠨ᠎ᠠ ᠬᠡᠵᠡᠢ᠃ | ᠦᠳᠡᠰᠢᠯᠡᠭᠡ ᠨᠢ ᠣᠷᠭᠢᠯᠤᠮ᠎ᠠ ᠰᠡᠳᠭᠢᠯᠭᠡ ᠲᠠᠢ ︽ᠦᠬᠠᠢ ᠶᠢᠨ ᠵᠤᠴᠢᠨ ᠤᠭᠳᠣᠬᠤ ᠲᠠᠭᠤᠤ︾ ᠶᠢᠨ ᠲᠤᠮᠳᠠ | ᠡᠬᠢᠯᠡᠵᠦ᠂ ᠪᠠᠶᠠᠷ ᠪᠠᠶᠠᠰᠬᠤᠯᠠᠩ ᠲᠠᠢ ︽ᠵᠡᠭᠡᠷᠡᠩᠬᠡᠢ︾ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ | ᠰᠡᠳᠬᠢᠯᠭᠡ ᠶᠢ ᠬᠦᠭᠵᠢᠭᠡᠪᠡ᠃ ᠬᠠᠳᠤᠨ ᠭᠤᠤᠯ ᠲᠠᠭᠠᠤ ᠶᠢᠨ ᠶᠢᠰᠦᠨ ᠮᠤᠵᠢ ᠤᠷᠤᠨ ᠠᠴᠠ ᠢᠷᠡᠭᠰᠡᠨ ᠰᠢᠯᠢᠳᠡᠭ | ᠠᠷᠠᠳ ᠤᠨ ᠲᠠᠭᠤᠤ ᠶᠢᠨ ᠲᠠᠭᠤᠴᠢᠳ ᠤᠨ ᠲᠦᠯᠤᠬᠡᠯᠡᠭᠴᠢᠳ ᠬᠤᠶᠢᠨ᠎ᠠ ᠬᠤᠶᠢᠨ᠎ᠠ ᠠᠴᠠ ᠪᠠᠨ ᠲᠠᠶᠢᠰᠠᠨ ᠳᠤ | ᠭᠠᠷᠴᠦ᠂ ᠮᠠᠩᠬᠠᠨ ᠲᠠᠭᠤᠤ ︽ᠲᠡᠭᠷᠢ ᠲᠤᠤᠷᠠᠭᠢ ᠬᠠᠳᠤᠨ ᠭᠤᠤᠯ ᠶᠡᠷᠢ ᠶᠢᠰᠦᠨ ᠲᠤᠬᠤᠢ ᠲᠠᠢ︾᠂ ᠱᠠᠨᠳᠦ᠋ᠩ ᠤᠨ | ᠠᠷᠠᠳ ᠤᠨ ᠲᠠᠭᠤᠤ ︽ᠢ ᠮᠧᠩ ᠱᠠᠨ ᠤ ᠵᠢᠵᠢᠭ ᠲᠠᠭᠤᠤ︾᠂ ᠰᠧᠴᠤᠸᠠᠨ ᠤ ᠯᠦ ᠾᠦᠸᠧ ᠶᠢᠨ ᠨᠤᠲᠤᠭ ᠤᠨ | ᠲᠠᠭᠤᠤ ︽ᠵᠤ᠋ ᠰᠠᠩ ᠰᠠᠩ︾᠂ ᠾᠧᠨᠠᠨ ᠤ ᠰᠢᠴᠤᠸᠠᠨ ᠤ ᠬᠠᠷᠠᠩᠭ᠎ᠠ ᠬᠡᠩᠬᠡᠷᠬᠡ ᠶᠢᠨ ᠲᠠᠭᠤᠤ ︽ᠦᠵᠡᠢ ᠪᠡᠯᠭᠡ | ᠬᠦᠷᠭᠡᠶ᠎ᠡ︾᠂ ᠡᠯᠬᠦᠯᠴᠡᠨ ᠲᠡᠭᠤᠯᠠᠭᠰᠠᠨ ᠱᠠᠨᠰᠢ ᠶᠢᠨ ᠠᠷᠠᠳ ᠤᠨ ᠲᠠᠭᠤᠤ ︽ᠠᠷᠠᠳ ᠤᠨ ᠲᠠᠭᠤᠤ ᠶᠢ ᠱᠠᠨᠪᠧᠢ ᠠᠴᠠ | ᠲᠠᠭᠤᠯᠠᠨᠠᠮ︾ ᠵᠡᠷᠬᠡ ᠲᠤᠭᠯᠠᠯᠳᠠ ᠶᠢ ᠰᠤᠨᠢᠷᠬᠠᠭᠤᠯᠵᠤ᠂ ᠲᠠᠭᠤᠤ ᠪᠦᠷᠢ ᠨᠢ ᠴᠦᠮ ᠠᠮᠢᠳᠤᠯᠢᠭ ᠲᠡᠤᠬᠡ ᠶᠢᠨ ᠵᠢᠷᠤᠭ | ᠰᠢᠭ ᠢᠶᠠᠷ ᠲᠤᠮᠳᠠᠳᠤ ᠶᠢᠨ ᠡᠬᠡ ᠭᠠᠵᠠᠷ ᠤᠨ ᠡᠯᠪᠡᠭ ᠪᠠᠶᠠᠯᠢᠭ ᠰᠤᠶᠤᠯ ᠤᠨ ᠦᠪ ᠪᠤᠯᠤᠨ ᠬᠦᠨ ᠵᠤᠵᠠᠭᠠᠨ | ᠦᠨᠳᠤᠰᠤᠳᠡᠨ ᠤ ᠬᠠᠶᠢᠷ᠎ᠠ ᠰᠡᠳᠬᠢᠯᠬᠡ ᠶᠢ ᠢᠯᠡᠷᠡᠬᠦᠯᠪᠡ᠃ | ᠮᠣᠩᠭᠤᠯ ᠦᠨᠳᠦᠰᠦᠳᠡᠨ ᠤ ᠨᠡᠷᠡᠲᠤ ᠳᠠᠭᠤᠴᠢᠨ ᠲᠡᠭᠷᠢ ᠭᠦᠨ ᠰᠡᠳᠭᠢᠯ ᠢᠶᠠᠷ ᠳᠠᠭᠤᠯᠠᠭᠰᠠᠨ ︽ᠮᠠᠯᠴᠢᠳ ᠤᠨ | ᠲᠠᠭᠤᠤ ᠪᠠᠨ ᠲᠠᠭᠤᠯᠠᠨᠠᠮ︾ ︽ᠳ᠋ᠧᠪᠠᠵᠠᠨ︾ ᠪᠣᠯᠤᠨ ︽ᠬᠥᠬᠡ ᠨᠤᠲᠤᠭ︾ ᠨᠢ ᠦᠳᠡᠰᠢᠯᠡᠭᠡ ᠶᠢ ᠣᠷᠭᠢᠯ ᠳᠤ ᠬᠦᠷᠭᠡᠭᠰᠡᠨ | ᠪᠠᠶᠢᠨ᠎ᠠ᠃ | ᠲᠣᠰ ᠤᠳᠠᠭᠠᠨ ᠤ ᠦᠳᠡᠰᠢᠯᠡᠭᠡ ᠨᠢ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠥᠪᠡᠷᠮᠢᠴᠡ ᠷᠢᠳᠢ | ᠰᠢᠳᠢ ᠶᠢ ᠢᠯᠡᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠬᠠᠲᠤᠨ ᠭᠤᠤᠯ ᠳᠠᠭᠠᠤ ᠶᠢᠨ ᠶᠢᠰᠦᠨ ᠮᠤᠵᠢ ᠣᠷᠣᠨ | ᠴᠢᠨᠠᠭᠰᠢᠯᠠᠪᠠᠯ ᠪᠥᠬᠦ ᠤᠯᠤᠰ ᠤᠨ ᠡᠯ᠎ᠡ ᠭᠠᠵᠠᠷ ᠤᠨ ᠰᠣᠶᠣᠯ ᠤᠨ ᠡᠯᠧᠮᠧᠨ᠋ᠲ ᠢ ᠠᠭᠤᠰᠤᠯᠴᠠᠭᠤᠯᠤᠭᠰᠠᠨ ᠪᠠᠶᠢᠨ᠎ᠠ᠃ | ᠠᠳᠤᠭᠤᠴᠢᠨ ᠬᠠᠮᠲᠤᠯᠢᠭ ᠤᠨ ︽ᠬᠠᠲᠤᠨ ᠭᠤᠤᠯ ᠲᠠᠯ᠎ᠠ ᠨᠤᠲᠤᠭ ᠢᠶᠠᠷ ᠤᠷᠤᠰᠤᠨ ᠥᠩᠭᠡᠷᠡᠨ᠎ᠡ︾᠂ ᠵᠣᠣ ᠶᠠᠩ ᠶᠠᠩ | ᠤᠨ ︽ᠲᠤᠭᠤᠷ ᠤᠨ ᠴᠡᠴᠡᠭ ᠤᠯᠠᠭᠠᠨ ᠭᠦᠢᠯᠡᠰᠦᠨ ᠴᠡᠴᠡᠭ ᠴᠠᠭᠠᠨ︾᠂ ᠴᠡᠩᠬᠡᠯᠲᠦ ᠶᠢᠨ ︽ᠡᠯᠡᠰᠦᠨ ᠴᠦᠯ ᠳᠠᠬᠢ | ᠲᠡᠯᠡᠶ︾ ᠵᠡᠷᠭᠡ ᠲᠣᠭᠯᠠᠯᠲᠠ ᠨᠢ ᠠᠳᠠᠯᠢ ᠪᠤᠰᠤ ᠤᠷᠠᠯᠢᠭ ᠤᠨ ᠬᠡᠯᠪᠡᠷᠢ ᠪᠠᠷ ᠳᠤᠮᠳᠠᠳᠤ ᠶᠢᠨ ᠦᠨᠳᠦᠰᠦᠲᠡᠨ ᠤ ᠣᠯᠠᠨ | ᠡᠰᠢᠲᠦ ᠰᠣᠶᠣᠯ ᠤᠨ ᠡᠶ᠎ᠡ ᠵᠣᠬᠢᠴᠠᠯ ᠲᠠᠢ ᠬᠠᠮᠲᠤ ᠣᠷᠣᠰᠢᠬᠤ ᠪᠠ ᠴᠡᠴᠡᠭᠯᠡᠨ ᠬᠥᠭᠵᠢᠬᠦ ᠶᠢ ᠳᠡᠯᠭᠡᠨ ᠦᠵᠡᠭᠦᠯᠪᠡ᠃ | ᠡᠭᠦᠨ ᠠᠴᠠ ᠭᠠᠳᠠᠨ᠎ᠠ᠂ ᠪᠦᠲᠦᠭᠡᠯᠴᠢ ᠪᠥᠵᠢᠭ ︽ᠬᠠᠲᠤᠨ ᠭᠤᠣᠯ ᠤᠨ ᠰᠢᠪᠡᠷ ᠬᠡᠦᠬᠡᠳ︾᠂ ᠠᠷᠹᠠ ᠶᠢᠨ ︽ᠡᠯᠬᠦᠯᠴᠡᠨ | ᠲᠡᠭᠤᠯᠠᠭᠰᠠᠨ ᠬᠤᠪᠢᠰᠬᠠᠯ ᠤᠨ ᠳᠠᠭᠤᠤ︾ ᠵᠡᠷᠭᠡ ᠲᠣᠭᠯᠠᠯᠲᠠ ᠨᠢ ᠰᠢᠨ᠎ᠡ ᠰᠣᠷᠭᠤᠭ ᠥᠪᠡᠷᠮᠢᠴᠡ ᠬᠡᠯᠪᠡᠷᠢ ᠪᠠᠷ | ᠦᠵᠡᠭᠴᠢᠳ ᠲᠤ ᠳᠠᠭᠤᠤ ᠬᠥᠭᠵᠢᠮ ᠰᠣᠨᠢᠷᠬᠠᠬᠤ ᠶᠢᠨ ᠬᠠᠮᠲᠤ ᠪᠠᠰᠠ ᠳᠤᠮᠳᠠᠳᠤ ᠶᠢᠨ ᠰᠣᠶᠣᠯ ᠤᠨ ᠥᠷᠭᠡᠨ | ᠳᠡᠯᠭᠡᠷ ᠭᠦᠨ ᠭᠦᠨᠵᠡᠭᠡᠢ ᠪᠠᠶᠢᠳᠠᠯ ᠢ ᠣᠶᠢᠯᠠᠭᠤᠯᠤᠭᠰᠠᠨ ᠪᠠᠶᠢᠨ᠎ᠠ᠃ | 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠢ ᠳᠤᠮᠳᠠᠳᠤ | ᠤᠯᠤᠰ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠳᠬ᠎ᠠ ᠤᠷᠠᠯᠢᠭ ᠤᠨ ᠬᠤᠯᠪᠣᠭᠠᠲᠤ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ | ᠬᠤᠲᠠ ᠶᠢᠨ ᠬᠤᠷᠢᠶ᠎ᠠ᠂ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠪᠡ᠃ | |