2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠲᠡᠭᠦᠰᠬᠦ ᠶᠣᠰᠣᠯᠠᠯ ᠤᠨ ᠣᠨᠴᠠᠯᠢᠭᠲᠤ ᠠᠷᠠᠳ ᠤᠨ ᠳᠠᠭᠤᠤ ᠶᠢᠨ ᠦᠵᠡᠭᠦᠯᠦᠯᠭᠡ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/8/12
     8 ᠰᠠᠷ᠎ᠠ ᠶᠢᠨ 11 ᠤ ᠣᠷᠣᠢ᠂ ︽ᠲᠦᠮᠡᠨ ᠭᠠᠵᠠᠷ ᠤᠨ ᠬᠠᠳᠤᠨ ᠭᠤᠣᠯ ᠲᠤᠷᠭ᠎ᠠ ᠲᠤᠷᠳᠣᠩ ᠬᠡᠮᠡᠷᠴᠦ  ᠦᠩᠭᠡ ᠵᠢᠪᠬᠤᠭᠠᠯᠢᠭ ᠭᠠᠶᠢᠬᠠᠮᠰᠢᠭᠲᠤ ᠲᠠᠪᠢᠯᠠᠩ ᠳᠠᠭᠤᠤ ᠶᠢ ᠲᠠᠭᠠᠨ ᠢᠷᠡᠨᠡᠮ︾ 2024 ᠣᠨ ᠤ ᠥᠪᠥᠷ ᠮᠣᠩᠭᠤᠯ ᠤᠨ ᠠᠷᠠᠳ ᠤᠨ ᠳᠠᠭᠤᠤ ᠶᠢᠨ ᠦᠪᠡᠳᠡᠭᠰᠢ ᠨᠠᠶᠢᠷ ᠤᠨ ᠲᠡᠭᠦᠰᠬᠦ ᠶᠣᠰᠣᠯᠠᠯ ᠤᠨ ᠣᠨᠴᠠᠯᠢᠭᠲᠤ ᠠᠷᠠᠳ ᠤᠨ ᠳᠠᠭᠤᠤ ᠶᠢᠨ ᠦᠵᠡᠭᠦᠯᠦᠯᠭᠡ ᠶᠢᠨ ᠠᠵᠢᠯᠯᠠᠭ᠎ᠠ ᠦᠬᠠᠢ ᠨᠠᠭᠤᠷ ᠤᠨ ᠬᠥᠪᠡᠭᠡᠨ ᠳᠤ ᠶᠠᠪᠤᠭᠳᠠᠪᠠ᠃      ᠠᠵᠢᠯᠯᠠᠭ᠎ᠠ ᠨᠢ ᠲᠠᠭᠤᠲᠤ ᠪᠥᠵᠢᠭ ︽ᠠᠷᠢᠬᠢᠨ ᠤ ᠳᠠᠭᠤᠤ︾ ᠶᠢᠨ ᠳᠤᠮᠳᠠ ᠬᠥᠰᠢᠭᠡ ᠪᠠᠨ ᠰᠡᠬᠦᠵᠦ᠂ ᠰᠣᠯᠣᠩᠭᠤᠰ ᠦᠨᠳᠦᠰᠦᠲᠡᠨ ᠤ ᠰᠣᠩᠭᠤᠳᠠᠭ ᠠᠷᠠᠳ ᠤᠨ ᠳᠠᠭᠤᠤ ︽ᠬᠤᠩᠬᠤᠨ ᠴᠡᠴᠡᠭ ᠤᠨ ᠳᠠᠭᠤᠤ︾ ᠶᠢᠨ ᠬᠥᠭ ᠠᠶᠠᠰ ᠨᠢ ᠭᠤᠶᠢᠳᠠ ᠰᠠᠶᠢᠬᠠᠨ ᠬᠤᠪᠢᠷᠠᠯᠲᠠ ᠶᠡᠬᠡᠲᠡᠶ᠂ ᠢᠷᠠᠭᠤ ᠰᠠᠶᠢᠬᠠᠨ ᠪᠠᠶᠢᠳᠠᠭ᠃ ᠤᠷᠲᠤ ᠶᠢᠨ ᠲᠠᠭᠤᠤ ︽ᠳᠥᠷᠪᠡᠨ ᠨᠠᠰᠤᠲᠠᠶ ᠬᠠᠯᠢᠭᠤᠨ ᠮᠣᠷᠢ︾ ᠨᠠᠮ ᠳᠥᠯᠭᠡᠨ ᠭᠦᠨ ᠰᠡᠳᠬᠢᠯᠭᠡ ᠲᠠᠢ᠂ ᠬᠦᠭᠡᠮᠡᠢ ᠬᠠᠪᠰᠣᠷᠭᠠᠭᠰᠠᠨ ᠨᠢ ᠡᠨᠡᠬᠦ ᠳᠠᠭᠤᠤ ᠶᠢᠨ ᠳᠡᠰ ᠳᠠᠪᠬᠤᠷᠭ᠎ᠠ ᠪᠣᠯᠤᠨ ᠢᠯᠡᠷᠡᠭᠦᠯᠬᠦ ᠬᠦᠴᠦᠨ ᠢ ᠨᠢ ᠤᠯᠠᠮ ᠨᠡᠮᠡᠭᠳᠡᠭᠦᠯᠦᠭᠰᠡᠨ ᠪᠠᠶᠢᠨ᠎ᠠ᠃ ᠬᠤᠪᠸᠢ ᠶᠢᠨ ︽ᠯᠤᠤᠲᠤ ᠤᠩᠭᠤᠴᠠᠨ ᠤ ᠲᠠᠭᠤᠯᠠᠯ︾᠂ ᠵᠢᠶᠠᠩᠰᠦ ᠶᠢᠨ ︽ᠮᠡᠯᠡᠷᠡᠭ ᠴᠡᠴᠡᠭ︾᠂ ᠥᠪᠥᠷ ᠮᠣᠩᠭᠤᠯ ᠤᠨ ︽ᠮᠠᠨ ᠤ ᠨᠤᠲᠤᠭ︾᠂ ᠱᠠᠨᠪᠸᠢ ᠶᠢᠨ ︽ᠮᠠᠯ ᠤᠨ ᠲᠠᠭᠤᠤ︾ ᠵᠡᠷᠭᠡ ᠶᠢᠨ ᠲᠠᠭᠤᠤ ᠨᠢᠭᠡᠪᠦᠷᠢ ᠨᠢ ᠨᠢᠭᠡᠨ ᠭᠤᠶᠢᠳᠠ ᠰᠠᠶᠢᠬᠠᠨ ᠵᠢᠷᠤᠭ ᠪᠤᠯᠵᠤ᠂ ᠦᠵᠡᠭᠴᠢᠳ ᠢ ᠳᠠᠭᠠᠭᠤᠯᠤᠨ ᠠᠳᠠᠯᠢ ᠪᠤᠰᠤ ᠭᠠᠵᠠᠷ ᠣᠷᠣᠨ ᠤ ᠠᠮᠢᠳᠤᠷᠠᠯ ᠤᠨ ᠠᠭᠤᠷ ᠠᠮᠢᠰᠬᠤᠯ ᠢ ᠣᠶᠢᠯᠠᠭᠠᠪᠠ᠃ ᠾᠧᠵᠧ ᠦᠨᠳᠦᠰᠦᠲᠡᠨ ᠤ ︽ᠦᠰᠰᠦᠷᠢ ᠶᠢᠨ ᠣᠩᠭᠤᠴᠠᠨ ᠤ ᠳᠠᠭᠤᠤ︾᠂ ᠲᠥᠪᠡᠳ ᠦᠨᠳᠦᠰᠦᠲᠡᠨ ᠤ ︽ᠰᠡᠳᠬᠢᠯ ᠢᠶᠠᠨ ᠲᠠᠨ ᠳᠤ ᠬᠠᠨᠲᠤᠭᠤᠯᠤᠨ᠎ᠠ︾᠂ ᠸᠠ ᠦᠨᠳᠦᠰᠦᠲᠡᠨ ᠤ ︽ᠠᠸᠠ ᠶᠢᠨ ᠠᠷᠠᠳ ᠲᠦᠮᠡᠨ ᠤ ᠰᠢᠨ᠎ᠡ ᠳᠠᠭᠤᠯᠠᠯ︾ ᠵᠢᠴᠢ ︽ᠳᠤᠮᠳᠠᠳᠤ ᠪᠠᠨ ᠬᠠᠶᠢᠷᠠᠯᠠᠶ᠎ᠠ︾ ᠵᠡᠷᠭᠡ ᠳᠠᠭᠤᠤ ᠨᠢ ᠥᠪᠡᠷᠮᠢᠴᠡ ᠣᠨᠴᠠᠯᠢᠭ ᠲᠠᠢ ᠪᠠᠶᠢᠵᠤ᠂ ᠡᠬᠡ ᠤᠯᠤᠰ ᠢᠶᠠᠨ ᠬᠠᠶᠢᠷᠠᠯᠠᠵᠤ᠂ ᠬᠡᠷ ᠣᠷᠣᠨ ᠢᠶᠠᠨ ᠪᠦᠲᠦᠭᠡᠨ ᠪᠠᠶᠢᠭᠤᠯᠬᠤ ᠬᠠᠮᠲᠤ ᠶᠢᠨ ᠰᠡᠳᠬᠢᠯ ᠤᠨ ᠲᠠᠭᠤᠤ ᠪᠠᠨ ᠢᠯᠡᠳᠬᠡᠪᠡ᠃      ᠠᠯᠳᠠᠷᠲᠤ ᠳᠠᠭᠤᠴᠢᠨ ᠬᠤ᠋ ᠶᠤᠸᠠᠢ ᠶᠢᠨ ︽ᠰᠢᠷ᠎ᠡ ᠬᠦᠷᠦᠰᠦᠲᠤ ᠦᠨᠳᠦᠷᠯᠢᠭ︾ ᠪᠣᠯᠤᠨ ︽ᠰᠢᠨ ᠲᠢᠶᠠᠨ ᠶᠸᠤ ᠠᠶᠠᠰ︾ ᠨᠢ ᠲᠡᠷᠡᠬᠦ ᠡᠷᠲᠡᠨ ᠤ ᠡᠬᠡ ᠭᠠᠵᠠᠷ ᠤᠨ ᠲᠤᠬᠠᠢ ᠳᠤᠷᠠᠰᠤᠮᠵᠢ ᠪᠣᠯᠤᠨ ᠬᠠᠢᠷ᠎ᠠ ᠰᠡᠳᠭᠢᠯᠭᠡ ᠪᠠᠨ ᠳᠠᠭᠤᠯᠠᠵᠤ᠂ ᠠᠭᠠᠵᠢᠮ ᠢᠶᠠᠷ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠣᠷᠭᠢᠯ ᠳᠤ ᠬᠦᠷᠭᠡᠪᠡ᠃ ᠨᠡᠷᠡᠲᠦ ᠡᠷᠡᠭᠲᠡᠶ ᠶᠢᠨ ᠥᠨᠳᠥᠷ ᠠᠶᠠᠰ ᠤᠨ ᠲᠠᠭᠤᠴᠢᠨ ᠢᠦᠶ ᠵᠢᠶᠦ᠋ᠨ ᠵᠢᠶᠠᠨ ︽ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠮᠢᠨᠦ ᠭᠡᠷ︾ ︽ᠴᠠᠭᠠᠨ ᠣᠯᠢᠶᠠᠰᠣ︾ ᠵᠡᠷᠭᠡ ᠲᠠᠭᠤᠤ ᠶᠢ ᠤᠷᠠᠨ ᠰᠠᠶᠢᠬᠠᠨ ᠳᠠᠭᠤᠤ ᠬᠠᠩᠭᠢᠨᠠᠲᠠᠯ᠎ᠠ ᠳᠠᠭᠤᠯᠠᠪᠠ᠃ ᠬᠦᠰᠡᠯᠡᠩ ᠤᠨ ᠲᠠᠭᠤᠯᠠᠭᠰᠠᠨ ᠲᠠᠭᠤᠤ ︽ᠣᠭᠲᠠᠷᠭᠤᠢ ᠶᠢᠨ ᠡᠭᠦᠯᠡ︾ ︽ᠬᠠᠮᠤᠭ ᠤᠨ ᠭᠤᠶᠤ︾ ᠶᠢᠨ ᠲᠠᠭᠤᠨ ᠤ ᠶᠭᠡ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠰᠡᠳᠬᠢᠯ ᠢ ᠳᠣᠭᠳᠣᠯᠤᠭᠤᠯᠵᠤ᠂ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃      ᠠᠵᠢᠯᠯᠠᠭ᠎ᠠ ᠨᠢ ︽ᠬᠤᠨ ᠭᠠᠯᠠᠭᠤ︾ ᠶᠢᠨ ᠢᠷᠠᠭᠤ ᠰᠠᠶᠢᠬᠠᠨ ᠬᠥᠭ ᠠᠶᠠᠰ ᠤᠨ ᠳᠤᠮᠳᠠ ᠬᠥᠰᠢᠭᠡ ᠪᠠᠨ ᠬᠠᠭᠠᠵᠤ᠂ ᠳᠠᠭᠤᠤ ᠬᠥᠭᠵᠢᠮ ᠤᠨ ᠠᠶᠠᠰ ᠦᠬᠠᠢ ᠨᠠᠭᠤᠷ ᠤᠨ ᠬᠥᠪᠡᠭᠡᠨ ᠳᠤ ᠴᠤᠤᠷᠢᠶᠠᠲᠤᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号