ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/8/12
︵2024 ᠣᠨ ᠤ 8 ᠰᠠᠷ᠎ᠠ ᠶᠢᠨ 9 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ ᠠᠴᠠ ᠪᠠᠲᠤᠯᠠᠪᠠ︶

    8 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠳᠤᠮᠳᠠᠳᠤ ᠤᠯᠤᠰ ᠤᠨ

ᠡᠪ ᠬᠠᠮᠲᠤ ᠨᠠᠮ ᠤᠨ ᠦᠬᠠᠶ ᠬᠤᠲᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ

ᠬᠤᠷᠠᠯ ᠤᠨ ᠠᠩᠬᠠᠳᠤᠭᠠᠷ ᠪᠥᠬᠦᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ

ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠥᠬᠦᠳᠡ ᠬᠤᠷᠠᠯ ᠳᠤ ᠢᠯᠡᠳᠭᠡᠯ ᠬᠢᠬᠦ ᠶᠢᠨ ᠬᠠᠮᠲᠤ

︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ

ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠦᠬᠠᠶ ᠬᠤᠲᠠ ᠶᠢᠨ ᠨᠠᠮ ᠤᠨ ᠬᠤᠷᠢᠶᠠᠨ ᠤ ᠰᠠᠨᠠᠯ ︵ᠶᠠᠷᠢᠯᠴᠠᠬᠤ

ᠨᠣᠤᠷᠠᠭ︶︾ ᠤᠨ ᠲᠤᠬᠠᠶ ᠲᠣᠳᠣᠷᠬᠠᠶᠢᠯᠠᠯᠲᠠ ᠬᠢᠪᠠ᠃ ︵ᠱᠢ ᠯᠢ ᠽᠧᠩ ᠰᠡᠭᠦᠳᠡᠷᠯᠡᠪᠡ︶

    8 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ

ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ ᠬᠠᠶᠢᠷᠤᠪ ᠤᠨ

ᠲᠤᠬᠤᠢ ᠳᠤ ᠬᠤᠷᠠᠯᠳᠤᠪᠠ᠃ ︵ᠭᠤᠤ ᠿᠦᠢ ᠫᠧᠩ ᠰᠡᠭᠦᠳᠡᠷᠯᠡᠪᠡ︶

     ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ

ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ 2024 ᠣᠨ ᠤ 8 ᠰᠠᠷ᠎ᠠ ᠶᠢᠨ 8 ᠤ ᠡᠳᠦᠷ ᠠᠴᠠ 9 ᠤ ᠡᠳᠦᠷ

ᠪᠣᠯᠲᠠᠯ᠎ᠠ ᠬᠠᠶᠢᠷᠤᠪ ᠤᠨ ᠲᠤᠬᠤᠢ ᠳᠤ ᠬᠤᠷᠠᠯᠳᠤᠪᠠ᠃

     ᠡᠨᠡ ᠤᠳᠠᠭᠠᠨ ᠤ ᠪᠥᠬᠦᠳᠡ ᠬᠤᠷᠠᠯ ᠳᠤ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ 40 ᠬᠥᠮᠦᠨ᠂

ᠣᠷᠣᠯᠠᠭᠴᠢ ᠭᠡᠰᠢᠭᠦᠨ 2 ᠬᠥᠮᠦᠨ ᠣᠷᠣᠯᠴᠠᠪᠠ᠃ ᠬᠤᠲᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂

ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ

ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ᠂ ᠬᠡᠰᠡᠭ ᠬᠤᠲᠠ ᠶᠢᠨ ᠭᠤᠣᠯᠳᠠᠯᠭ᠎ᠠ ᠲᠠᠢ ᠠᠷᠠᠳ ᠤᠨ

ᠡᠵᠡᠩᠨᠡᠯᠲᠡ ᠶᠢᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠬᠡᠰᠡᠭ ᠬᠤᠲᠠ ᠶᠢᠨ ᠨᠠᠢᠮᠠᠳᠤᠭᠠᠷ ᠣᠳᠠᠭᠠᠨ ᠤ

ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ

ᠣᠷᠣᠯᠴᠠᠪᠠ᠃

     ᠪᠥᠬᠦᠳᠡ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠲᠠ ᠶᠢᠨ

ᠨᠠᠮ ᠤᠨ ᠬᠤᠷᠢᠶᠠᠨ ᠤ ᠱᠦᠵᠢ ᠲᠠᠩ ᠢ ᠶᠠᠷᠢᠶ᠎ᠠ ᠲᠠᠯᠪᠢᠪᠠ᠃

     ᠪᠦᠬᠦᠳᠡ ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ

ᠵᠢᠯ ᠤᠨ ᠠᠵᠢᠯ ᠤᠨ ᠢᠯᠡᠳᠭᠡᠯ ᠢ ᠰᠣᠨᠣᠰᠤᠨ ᠶᠠᠷᠢᠯᠴᠠᠵᠤ᠂ ᠳᠣᠣᠷ᠎ᠠ ᠬᠠᠭᠠᠰ ᠵᠢᠯ ᠤᠨ ᠠᠵᠢᠯ ᠢᠶᠠᠨ ᠲᠤᠬᠢᠷᠠᠭᠤᠯᠤᠨ

ᠪᠠᠶᠢᠷᠢᠯᠠᠭᠤᠯᠵᠤ᠂ ᠡᠯ᠎ᠡ ᠲᠣᠭᠤᠷᠢᠭ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ

ᠰᠣᠨᠣᠰᠴᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ

ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠦᠬᠠᠢ ᠬᠤᠳᠠ ᠶᠢᠨ ᠨᠠᠮ ᠤᠨ ᠬᠤᠷᠢᠶᠠᠨ ᠤ ᠰᠠᠨᠠᠯ︾ ᠢ

ᠬᠢᠨᠠᠨ ᠵᠥᠪᠯᠡᠵᠦ ᠪᠠᠲᠤᠯᠠᠪᠠ᠃ ᠲᠠᠩ ᠢ ︽ᠰᠠᠨᠠᠯ ︵ᠶᠠᠷᠢᠯᠴᠠᠬᠤ ᠨᠤᠤᠷᠠᠭ︶︾ ᠤᠨ ᠲᠤᠬᠠᠶ ᠪᠥᠬᠦᠳᠡ ᠬᠤᠷᠠᠯ ᠳᠤ

ᠲᠣᠳᠣᠷᠬᠠᠶᠢᠯᠠᠯᠲᠠ ᠬᠢᠪᠠ᠃

     ᠪᠥᠬᠦᠳᠡ ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ

ᠵᠢᠯ ᠤᠨ ᠠᠵᠢᠯ ᠢ ᠭᠦᠢᠴᠡᠳ ᠨᠤᠲᠠᠯᠠᠪᠠ᠃ ᠡᠨᠡ ᠵᠢᠯ ᠠᠴᠠ ᠨᠠᠰᠢ᠂ ᠬᠤᠲᠠ ᠶᠢᠨ ᠨᠠᠮ ᠤᠨ ᠬᠤᠷᠢᠶᠠᠨ ᠤ

ᠪᠠᠶᠢᠩᠭᠤ ᠶᠢᠨ ᠬᠤᠷᠢᠶ᠎ᠠ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ

ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ

ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ

ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ︽ᠰᠢᠨ᠎ᠡ ᠵᠠᠮ ᠢ

ᠨᠡᠭᠡᠭᠡᠵᠦ᠂ ᠲᠤᠮᠳᠠ ᠲᠦᠪᠰᠢᠨ ᠳᠤ ᠣᠷᠣᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠶᠡᠭᠡ

ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠬᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ

ᠢᠨᠵᠧᠨᠧᠷᠢᠩ︾ ᠪᠠ ᠮᠠᠨ ᠤ ᠬᠤᠲᠠ ᠶᠢᠨ ︽ᠠᠷᠪᠠᠨ ᠬᠤᠶᠠᠷ ᠵᠦᠢᠯ ᠤᠨ ᠭᠤᠤᠯᠳᠠᠯᠭ᠎ᠠ ᠲᠠᠢ ᠠᠵᠢᠯ︾ ᠢ ᠨᠢᠭᠡᠳᠦᠯᠲᠡᠶ

ᠲᠥᠯᠥᠪᠵᠢᠭᠦᠯᠦᠨ ᠠᠬᠢᠭᠤᠯᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠪᠠ

ᠨᠠᠮ ᠤᠨ ᠪᠠᠶᠢᠭᠤᠯᠤᠯᠲᠠ ᠶᠢᠨ ᠲᠠᠯ᠎ᠠ ᠪᠠᠷ ᠪᠦᠷ ᠰᠢᠨ᠎ᠡ ᠦᠷ᠎ᠡ ᠪᠦᠲᠦᠮᠵᠢ ᠤᠯᠪᠠ᠃

     ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ

ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ

ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠪᠦᠬᠦᠳᠡ

ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠥᠪ ᠤᠨ ︽ᠰᠢᠢᠳᠪᠦᠷᠢ︾ ᠪᠠ

ᠲᠣᠳᠣᠷᠬᠠᠶᠢᠯᠠᠯᠲᠠ ᠶᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ

ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂

ᠦᠨᠳᠦᠰᠦᠨ ᠪᠠᠲᠤᠯᠠᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ

ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ

ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ

ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠪᠦᠯᠦᠭ ᠤᠳᠠᠭ᠎ᠠ ᠬᠤᠪᠢᠶᠠᠨ ᠪᠣᠯᠪᠠᠰᠤᠷᠠᠯ

ᠪᠠ ᠡᠭᠡᠯᠵᠢᠯᠡᠨ ᠪᠣᠯᠪᠠᠰᠤᠷᠠᠭᠤᠯᠬᠤ ᠠᠵᠢᠯ ᠢ ᠥᠷᠨᠢᠭᠦᠯᠵᠦ᠂ ᠪᠥᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠤ᠂

ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠶ᠃

ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠶᠠᠪᠤᠴᠠ ᠳᠠᠬᠢ ᠲᠦᠭᠵᠢᠷᠡᠯ᠂ ᠬᠤᠷᠢᠭ᠎ᠠ ᠱᠤᠭᠤᠮ ᠤᠨ

ᠠᠰᠠᠭᠤᠳᠠᠯ ᠢ ᠴᠢᠩᠭ᠎ᠠ ᠠᠩᠬᠠᠷᠴᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠦᠬᠠᠢ ᠶᠢᠨ

ᠪᠠᠴᠢᠮ ᠰᠢᠢᠳᠪᠦᠷᠢᠯᠡᠬᠦ ᠴᠢᠬᠤᠯᠠᠲᠠᠢ ᠬᠥᠭᠵᠢᠯᠲᠡ ᠶᠢᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂

ᠥᠭᠡᠷᠡᠴᠢᠯᠡᠯᠲᠡ ᠶᠢᠨ ᠠᠷᠭ᠎ᠠ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠰᠢᠨ᠎ᠡ ᠶᠢ ᠡᠭᠦᠳᠬᠦ ᠶᠢ

ᠠᠳᠬᠤᠬᠤ᠂ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂

ᠬᠤᠷᠢᠭ᠎ᠠ ᠱᠤᠭᠤᠮ ᠢ ᠪᠠᠲᠤᠳᠬᠠᠬᠤ᠂ ᠵᠠᠰᠠᠯᠲᠠ ᠶᠢ ᠴᠢᠩᠭᠠᠳᠬᠠᠬᠤ ᠳᠠᠭᠠᠨ ᠴᠢᠳᠠᠮᠠᠭᠠᠢ ᠪᠠᠶᠢᠵᠤ᠂ ᠦᠨᠡᠨᠬᠦ

ᠬᠡᠷᠡᠭᠵᠢᠭᠦᠯᠵᠦ ᠪᠣᠯᠬᠤᠶᠢᠴᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠠᠪᠴᠤ᠂ ᠲᠤᠤᠱᠯᠠᠭᠤᠯᠤᠨ

ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ

ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠡᠢ᠃

     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ

ᠮᠣᠩᠭᠤᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ

ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠶᠢ ᠠᠵᠢᠯ ᠤᠨ ᠭᠤᠤᠯ ᠱᠤᠭᠤᠮ ᠪᠤᠯᠭᠠᠬᠤ ᠶᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ

ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠲᠠᠯ᠎ᠠ ᠶᠢᠨ ᠪᠥᠬᠦ ᠶᠠᠪᠤᠴᠠ ᠳᠤ ᠢᠯᠡᠷᠡᠭᠦᠯᠬᠦ ᠬᠡᠷᠡᠭᠲᠡᠶ᠃ ᠠᠵᠤ ᠠᠬᠤᠶ ᠶᠢᠨ

ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ ᠡᠯ᠎ᠡ

ᠲᠥᠷᠥᠯ ᠤᠨ ᠦᠢᠯᠡᠳᠪᠦᠷᠢᠯᠡᠯ ᠤᠨ ᠡᠯᠧᠮᠧᠨ᠋ᠲ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠡᠶᠢᠰᠢ

ᠲᠥᠪᠯᠡᠷᠡᠭᠦᠯᠬᠦ ᠲᠥᠷᠥ ᠶᠢᠨ ᠪᠣᠳᠣᠯᠭ᠎ᠠ ᠶᠢ ᠪᠦᠷᠢᠨᠰᠢᠬᠦᠯᠦᠨ᠂ ᠡᠬᠢ ᠪᠠᠶᠠᠯᠢᠭ ᠤᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ

ᠲᠣᠬᠢᠷᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ

ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ

ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ

ᠰᠠᠶᠢᠲᠠᠶ ᠬᠥᠭᠵᠢᠯᠲᠡ ᠶᠢ ᠳᠡᠮᠵᠢᠵᠦ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠲᠠᠰᠤᠷᠠᠯᠲᠠ ᠥᠬᠡᠶ ᠦᠷᠭᠡᠳᠭᠡᠬᠦ

ᠬᠡᠷᠡᠭᠳᠡᠢ᠃ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠪᠠᠶᠢᠷᠢᠰᠢᠯ ᠢ ᠲᠦᠷᠭᠡᠨ

ᠪᠦᠷᠢᠯᠳᠦᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ

ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠦᠵᠡᠰᠬᠦᠯᠡᠩᠲᠦ

ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ

ᠠᠬᠢᠭᠤᠯᠵᠤ᠂ ︽ᠳᠤᠯᠤᠭ᠎ᠠ ᠶᠢ ᠵᠠᠰᠠᠭᠰᠠᠨ︾ ᠦᠷ᠎ᠡ ᠪᠦᠲᠦᠮᠵᠢ ᠪᠠᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠪᠦᠬᠦ ᠣᠷᠣᠨ

ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠶᠡᠭᠡ ᠪᠠᠶᠢᠴᠠᠭᠠᠯᠲᠠ ᠶᠢᠨ ᠲᠣᠭᠲᠠᠴᠠ ᠶᠢ ᠪᠠᠶᠢᠭᠤᠯᠵᠤ᠂ ᠠᠮᠢ

ᠠᠬᠤᠢ ᠶᠢᠨ ᠵᠠᠰᠠᠯᠲᠠ ᠶᠢᠨ ᠦᠩᠭᠡᠨ ᠲᠠᠯ᠎ᠠ ᠶᠢ ᠵᠠᠰᠠᠵᠤ ᠪᠠᠶᠢᠭᠰᠠᠨ ᠠᠴᠠ ᠦᠨᠳᠦᠰᠦᠨ ᠠᠴᠠ ᠨᠢ ᠵᠠᠰᠠᠬᠤ ᠲᠡᠰᠢ

ᠬᠤᠪᠢᠷᠠᠭᠤᠯᠬᠤ ᠶᠢ ᠠᠬᠢᠭᠤᠯᠬᠤ ᠬᠡᠷᠡᠭᠳᠡᠢ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢ

ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠ ᠶᠢᠨ ᠪᠦᠳᠦᠭᠡᠨ ᠪᠠᠶᠢᠭᠤᠯᠤᠯᠲᠠ᠂ ᠡᠵᠡᠩᠨᠡᠯᠲᠡ᠂ ᠵᠠᠰᠠᠯᠲᠠ ᠶᠢᠨ

ᠪᠠᠶᠢᠭᠤᠯᠤᠮᠵᠢ ᠪᠠᠨ ᠲᠡᠭᠦᠯᠳᠡᠷᠵᠢᠭᠦᠯᠵᠦ᠂ ᠨᠢᠭᠡ ᠮᠦᠴᠡᠲᠤ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ

ᠬᠦᠷᠢᠶ᠎ᠡ ᠶᠢ ᠪᠦᠬᠦ ᠣᠷᠣᠨ ᠪᠦᠰᠡ ᠪᠠᠷ ᠤᠷᠢᠳᠠᠪᠡᠷ ᠬᠡᠷᠡᠭᠵᠢᠭᠦᠯᠬᠦ ᠣᠷᠣᠨ ᠤ ᠲᠤᠷᠰᠢᠯᠲᠠ ᠶᠢᠨ ᠴᠢᠭ ᠤᠨ ᠪᠦᠳᠦᠭᠡᠨ

ᠪᠠᠶᠢᠭᠤᠯᠤᠯᠲᠠ ᠶᠢ ᠠᠬᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ

ᠤᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠵᠦ᠂ ᠬᠤᠳᠠ ᠬᠥᠳᠡᠭᠡ ᠶᠢᠨ

ᠬᠠᠮᠲᠤ ᠪᠠᠷ ᠴᠢᠨᠡᠭᠡᠯᠢᠭᠵᠢᠬᠦ ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠬᠦ ᠬᠡᠷᠡᠭᠳᠡᠢ᠃ ᠪᠦᠬᠦ

ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠢ ᠬᠥᠭᠵᠢᠭᠦᠯᠵᠦ᠂ ᠵᠥᠪᠯᠡᠬᠦ ᠠᠷᠠᠳᠴᠢᠯᠠᠯ ᠤᠨ ᠲᠣᠭᠲᠠᠴᠠ ᠪᠠᠨ

ᠲᠡᠭᠦᠯᠳᠡᠷᠵᠢᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠳᠡᠢ᠃

ᠨᠡᠶᠢᠭᠡᠮ ᠤᠨ ᠵᠠᠰᠠᠯᠲᠠ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂

ᠤᠯᠤᠰ ᠤᠨ ᠠᠮᠤᠷ ᠲᠦᠪᠰᠢᠨ ᠤ ︽1+ 8︾ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠦᠨ ᠬᠠᠮᠠᠭᠠᠯᠠᠵᠤ᠂

ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢᠶᠠᠨ ᠲᠡᠭᠦᠯᠳᠡᠷᠵᠢᠭᠦᠯᠦᠨ᠂

ᠵᠠᠰᠠᠭ ᠤᠨ ᠣᠷᠳᠣᠨ ᠤ ᠥᠷᠢ ᠥᠭᠴᠡᠭᠡ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ

ᠰᠤᠳᠤᠯᠤᠨ ᠮᠠᠭᠠᠳᠯᠠᠬᠤ ᠪᠠ ᠰᠡᠷᠭᠡᠶᠢᠯᠡᠬᠦ ᠪᠠᠨ ᠴᠢᠩᠭᠠᠳᠬᠠᠵᠤ᠂ ᠨᠠᠩ ᠥᠨᠳᠥᠷ ᠬᠢᠷᠢ ᠲᠦᠪᠰᠢᠨ ᠪᠥᠬᠦᠶ ︽ᠠᠮᠤᠷ

ᠠᠮᠤᠭᠤᠯᠠᠩ ᠦᠬᠠᠢ︾ ᠶᠢ ᠪᠥᠲᠥᠭᠡᠨ ᠪᠠᠶᠢᠭᠤᠯᠬᠤ ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ

ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠲᠦᠷᠢᠮ ᠤᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠵᠦ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠪᠠᠨ

ᠲᠡᠭᠦᠯᠳᠡᠷᠵᠢᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ

ᠭᠦᠨᠵᠡᠭᠡᠢ ᠴᠡᠭᠴᠡᠯᠡᠨ ᠵᠠᠰᠠᠬᠤ ᠬᠡᠷᠡᠭᠳᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂

ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠲᠦᠷᠢᠮ ᠤᠨ ᠲᠣᠭᠲᠠᠴᠠ ᠪᠠᠨ ᠲᠡᠭᠦᠯᠳᠡᠷᠵᠢᠭᠦᠯᠵᠦ᠂

ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ᠂ ᠰᠤᠷᠲᠠᠯ ᠴᠢᠬᠡᠴᠢ ᠣᠪᠣᠷ ᠲᠥᠪ ᠤᠯᠤᠰ

ᠲᠦᠷᠦ ᠶᠢᠨ ᠠᠮᠢ ᠠᠬᠤᠢ ᠶᠢ ᠢᠳᠡᠪᠬᠢᠲᠡᠢ ᠪᠤᠢ ᠪᠣᠯᠭᠠᠬᠤ ᠬᠡᠷᠡᠭᠲᠡᠢ ᠭᠡᠵᠡᠢ᠃

     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ

ᠦᠬᠠᠶ ᠶᠢᠨ ᠦᠢᠯᠡᠳᠦᠯᠭᠡ ᠶᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠤ ᠭᠤᠤᠯ ᠡᠭᠦᠷᠭᠡ ᠮᠥᠨ᠂

ᠡᠷᠬᠡᠪᠰᠢ ᠪᠥᠬᠦ ᠲᠠᠯ᠎ᠠ ᠳᠤ ᠵᠣᠭᠰᠣᠨ ᠦᠬᠠᠶ ᠶᠢ ᠦᠵᠡᠵᠦ᠂ ᠮᠠᠨ ᠤ ᠬᠤᠲᠠ ᠶᠢᠨ ᠳᠠᠪᠠᠭᠤᠯᠢᠭ ᠪᠠ ᠪᠠᠭᠤᠷᠠᠶ᠂ ᠠᠵᠠ

ᠲᠣᠬᠢᠶᠠᠯ ᠪᠠ ᠥᠷᠢᠰᠥᠯᠳᠦᠭᠡᠨ ᠢ ᠪᠥᠬᠦ ᠲᠠᠯ᠎ᠠ ᠪᠠᠷ ᠬᠢᠨᠠᠨ ᠦᠵᠡᠵᠦ᠂ ᠵᠥᠷᠢᠶ᠎ᠡ ᠪᠠᠨ ᠲᠣᠳᠣᠷᠬᠠᠶ ᠲᠠᠨᠢᠵᠤ᠂

ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠥᠬᠦᠪᠥᠷᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂

ᠲᠡᠷᠢᠭᠦᠨ ᠤ ᠬᠢ ᠶᠢ ᠴᠢᠷᠮᠠᠶᠢᠨ ᠡᠭᠦᠳᠬᠦ ᠬᠡᠷᠡᠭᠲᠡᠶ᠃ ᠵᠠᠬ᠎ᠠ ᠳᠡᠯᠭᠡᠭᠦᠷ ᠤᠨ ᠤᠬᠠᠮᠰᠠᠷ ᠢᠶᠠᠨ ᠴᠢᠩᠭᠠᠳᠬᠠᠵᠤ᠂

ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠨᠠᠶᠢᠳᠠᠪᠤᠷᠢᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠵᠥᠪ

ᠰᠢᠢᠳᠪᠦᠷᠢᠯᠡᠵᠦ᠂ ᠠᠰᠠᠭᠤᠳᠠᠯ ᠢ ᠪᠣᠳᠣᠯᠬᠢᠯᠠᠵᠤ᠂ ᠤᠴᠢᠷ ᠶᠠᠪᠤᠳᠠᠯ ᠰᠢᠢᠳᠪᠦᠷᠢᠯᠡᠬᠦ ᠳᠤ ᠡᠷᠬᠡᠪᠰᠢ ᠵᠠᠬ᠎ᠠ ᠳᠡᠯᠭᠡᠭᠦᠷ ᠤᠨ

ᠤᠳᠤᠷᠢᠳᠤᠮᠵᠢ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠬᠤ ᠬᠡᠷᠡᠭᠲᠡᠢ᠃

ᠥᠭᠡᠷᠡᠴᠢᠯᠡᠯᠲᠡ ᠶᠢᠨ ᠰᠡᠳᠬᠢᠬᠦᠶ ᠶᠢ ᠴᠢᠳᠠᠮᠠᠭᠠᠶ ᠬᠡᠷᠡᠭᠯᠡᠵᠦ᠂ ᠬᠤᠷᠢᠭ᠎ᠠ ᠴᠡᠭᠡᠷ ᠢ ᠵᠣᠷᠢᠭᠲᠠᠶ ᠪᠠᠷ ᠡᠪᠳᠡᠵᠦ᠂ ᠨᠠᠮ ᠤᠨ

ᠲᠥᠪ ᠬᠤᠷᠢᠶᠠᠨ ᠤ ᠱᠠᠭᠠᠷᠳᠠᠯᠭ᠎ᠠ ᠳᠤ ᠨᠡᠶᠢᠴᠡᠭᠰᠡᠨ᠂ ᠬᠥᠭᠵᠢᠯᠲᠡ ᠳᠤ ᠠᠰᠢᠭᠲᠠᠶ᠂ ᠠᠷᠠᠳ ᠲᠦᠮᠡᠨ ᠳᠤ ᠠᠰᠢᠭᠲᠠᠶ

ᠶᠠᠪᠤᠳᠠᠯ ᠢ ᠴᠥᠮ ᠵᠣᠷᠢᠭᠲᠠᠶ ᠪᠠᠷ ᠬᠠᠶᠢᠨ ᠰᠦᠪᠡᠭᠴᠢᠯᠡᠵᠦ᠂ ᠵᠣᠷᠢᠭᠲᠠᠶ ᠬᠢᠬᠦ ᠬᠡᠷᠡᠭᠲᠡᠶ᠃ ᠨᠡᠭᠡᠭᠡᠯᠲᠡᠲᠦ ᠦᠵᠡᠯᠲᠡ ᠶᠢ

ᠪᠠᠲᠤ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠣᠷᠣᠨ ᠪᠦᠰᠡ ᠶᠢᠨ ᠬᠢᠵᠠᠭᠠᠷᠯᠠᠯ ᠢ ᠡᠪᠳᠡᠵᠦ᠂ ᠣᠷᠣᠨ ᠪᠦᠰᠡ ᠶᠢᠨ

ᠨᠡᠭᠡᠭᠡᠯᠲᠡᠲᠦ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠨᠡᠩ ᠤᠯᠠᠨ ᠴᠢᠨᠠᠷ ᠰᠠᠶᠢᠲᠠᠢ ᠡᠬᠢ ᠪᠠᠶᠠᠯᠢᠭ᠂ ᠰᠢᠨ᠎ᠡ ᠶᠢ

ᠡᠭᠦᠳᠬᠦ ᠡᠯᠧᠮᠧᠨ᠋ᠲ᠂ ᠳᠡᠭᠡᠳᠦ ᠲᠡᠰ ᠤᠨ ᠴᠢᠳᠠᠪᠤᠷᠢᠲᠠᠨ ᠢ ᠦᠪᠡᠷᠳᠡᠭᠡᠨ ᠬᠡᠷᠡᠭᠯᠡᠬᠦ ᠬᠡᠷᠡᠭᠲᠡᠢ᠃ ᠲᠡᠭᠡᠲᠤ ᠬᠤᠷᠲᠤᠴᠠᠲᠤ

ᠲᠡᠮᠦᠷ ᠵᠠᠮ ᠤᠨ ᠴᠠᠭ ᠦᠶ᠎ᠡ ᠯᠦᠭᠡ ᠣᠷᠢᠳᠴᠢᠯᠠᠨ ᠵᠤᠬᠢᠴᠠᠵᠤ᠂ ᠲᠡᠭᠡᠲᠤ ᠬᠤᠷᠳᠤᠴᠠᠲᠤ ᠲᠡᠮᠦᠷ ᠵᠠᠮ ᠤᠨ ᠲᠣᠣᠷ

ᠰᠦᠯᠵᠢᠶ᠎ᠡ ᠶᠢ ᠠᠰᠢᠭᠯᠠᠨ ᠬᠥᠭᠵᠢᠭᠰᠡᠨ ᠭᠠᠵᠠᠷ ᠣᠷᠣᠨ ᠤ ᠴᠢᠨᠠᠷ ᠰᠠᠶᠢᠲᠠᠶ ᠠᠵᠤ ᠦᠢᠯᠡᠰ ᠪᠠ ᠳᠡᠭᠡᠳᠦ

ᠮᠡᠷᠭᠡᠵᠢᠯ ᠤᠨ ᠴᠢᠳᠠᠪᠤᠷᠢᠲᠠᠨ ᠢ ᠲᠠᠲᠠᠵᠤ ᠦᠬᠠᠢ ᠵᠦᠭ ᠰᠢᠯᠵᠢᠭᠦᠯᠬᠦ ᠶᠢ ᠤᠷᠢᠳᠴᠢᠯᠠᠨ ᠰᠦᠪᠡᠭᠴᠢᠯᠡᠵᠦ᠂ ᠲᠡᠭᠡᠲᠤ

ᠬᠤᠷᠲᠤᠴᠠᠲᠤ ᠲᠡᠮᠦᠷ ᠵᠠᠮ ᠨᠡᠪᠳᠡᠷᠡᠬᠦ ᠶᠢ ᠬᠤᠲᠠ ᠶᠢᠨ ᠬᠥᠭᠵᠢᠯᠲᠡ ᠲᠠᠢ ᠰᠠᠶᠢᠨ ᠦᠢᠯᠡᠳᠦᠯᠴᠡᠬᠦ ᠶᠢ ᠠᠬᠢᠭᠤᠯᠵᠤ᠂

︽ᠲᠡᠭᠡᠲᠤ ᠬᠤᠷᠲᠤᠴᠠᠲᠤ ᠲᠡᠮᠦᠷ ᠵᠠᠮ ᠤᠨ ᠦᠷ᠎ᠡ ᠠᠰᠢᠭ︾ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠬᠦ ᠬᠡᠷᠡᠭᠲᠡᠶ

ᠬᠡᠵᠡᠢ᠃

     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠴᠠᠭ

ᠦᠶ᠎ᠡ ᠶᠢᠨ ᠬᠠᠲᠠᠭᠤ ᠶᠣᠰᠣ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠪᠠᠷ ᠭᠤᠣᠯ ᠭᠠᠷᠳᠠᠴᠠ

ᠪᠣᠯᠭᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠦᠢᠯᠡᠳᠦᠯᠭᠡ ᠶᠢ ᠠᠬᠢᠭᠤᠯᠬᠤ

ᠬᠡᠷᠡᠭᠲᠡᠢ᠃ ︽ᠲᠠᠪᠤᠨ ᠶᠡᠭᠡ ᠡᠭᠦᠷᠭᠡ︾ ᠶᠢᠨ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂

ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠮᠠᠨ ᠤ ᠬᠤᠲᠠ ᠶᠢᠨ ︽ᠠᠷᠪᠠᠨ ᠬᠤᠶᠠᠷ

ᠵᠦᠢᠯ ᠤᠨ ᠭᠤᠤᠯᠳᠠᠯᠭ᠎ᠠ ᠲᠠᠢ ᠠᠵᠢᠯ︾ ᠢ ᠪᠣᠳᠠᠲᠠᠶ ᠠᠳᠬᠤᠵᠤ᠂ ᠬᠡᠷᠡᠭᠵᠢᠭᠦᠯᠬᠦ ᠲᠥᠰᠦᠯ ᠪᠣᠯᠤᠨ ᠵᠢᠯ ᠤᠨ

ᠲᠥᠯᠥᠪᠯᠡᠭᠡ ᠲᠠᠢ ᠬᠠᠷᠢᠴᠠᠭᠤᠯᠤᠨ ᠳᠠᠷᠤᠯᠲᠠ ᠥᠭᠴᠦ ᠬᠦᠴᠦᠯᠡᠨ ᠠᠬᠢᠭᠤᠯᠵᠤ᠂ ᠵᠢᠯ ᠤᠨ ᠡᠴᠦᠰ ᠲᠤ ᠲᠣᠭᠲᠠᠭᠰᠠᠨ

ᠬᠤᠭᠤᠴᠠᠭᠠᠨ ᠳᠠᠭᠠᠨ ᠳᠠᠩᠰᠠ ᠮᠡᠳᠡᠭᠦᠯᠦᠨ ᠰᠢᠯᠭᠠᠯᠲᠠ ᠲᠤᠰᠢᠶᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠵᠢᠱᠢᠶᠡᠴᠢ

ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠭᠦᠨᠵᠡᠭᠡᠶ ᠠᠬᠢᠭᠤᠯᠵᠤ᠂ ᠠᠵᠢᠯ ᠤᠨ

ᠭᠤᠤᠯ ᠱᠤᠭᠤᠮ ᠤᠨ ︽ᠬᠤᠭᠤᠰᠣᠨ᠂ ᠪᠦᠳᠦᠭᠦᠯᠢᠭ᠂ ᠵᠠᠮᠪᠠᠷᠠᠭ᠎ᠠ ᠦᠭᠡᠢ︾ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂

︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠦ᠂ ᠨᠠᠮ ᠢᠶᠠᠨ ᠡᠭᠦᠷᠢᠳᠡ ᠳᠠᠭᠠᠬᠤ︾ ᠣᠯᠠᠨ

ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ

ᠰᠠᠶᠢᠲᠤᠷ ᠠᠳᠬᠤᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠤ ᠰᠠᠶᠢᠨ ᠰᠠᠶᠢᠬᠠᠨ ᠪᠠᠶᠢᠳᠠᠯ ᠢ

ᠴᠢᠷᠮᠠᠶᠢᠨ ᠬᠠᠮᠠᠭᠠᠯᠠᠬᠤ ᠬᠡᠷᠡᠭᠳᠡᠢ᠃ ᠤᠯᠠᠮᠵᠢᠯᠠᠯᠲᠤ ᠠᠵᠤ ᠦᠢᠯᠡᠰ ᠪᠣᠯᠤᠨ ᠰᠢᠨ᠎ᠡ ᠪᠠᠷ ᠮᠠᠨᠳᠤᠭᠰᠠᠨ ᠠᠵᠤ

ᠦᠢᠯᠡᠰ ᠢ ᠠᠭᠤᠰᠤᠯᠴᠠᠭᠤᠯᠤᠨ ᠬᠠᠷᠢᠯᠴᠠᠨ ᠠᠬᠢᠭᠤᠯᠬᠤ᠂ ᠠᠮᠢ ᠠᠬᠤᠢ ᠣᠷᠴᠢᠨ ᠲᠣᠭᠤᠷᠢᠨ ᠪᠣᠯᠤᠨ ᠬᠤᠳᠠᠯᠳᠤᠭ᠎ᠠ

ᠡᠵᠡᠩᠨᠡᠬᠦ ᠣᠷᠴᠢᠨ ᠲᠣᠭᠤᠷᠢᠨ ᠢ ᠨᠢᠭᠡ ᠴᠤᠬᠴᠠᠵᠢᠭᠤᠯᠤᠨ ᠬᠦᠴᠦᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ

ᠰᠢᠨ᠎ᠡ ᠶᠢ ᠡᠭᠦᠳᠬᠦ ᠪᠠ ᠴᠢᠳᠠᠪᠤᠷᠢᠲᠠᠨ ᠢᠶᠠᠷ ᠬᠥᠳᠡᠯᠭᠡᠭᠦᠷ ᠪᠣᠯᠭᠠᠬᠤ ᠶᠢ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂

BDO ᠶᠢ ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠨ ᠦᠬᠠᠢ ᠵᠢᠴᠢ ᠡᠷᠬᠢᠨ

ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠶᠢᠨ ᠰᠢᠰᠲ᠋ᠧᠮ ᠢ ᠪᠦᠬᠦ ᠬᠦᠴᠦᠨ ᠢᠶᠠᠷ ᠢᠶᠠᠨ

ᠴᠣᠭᠴᠠᠯᠠᠵᠤ᠂ ︽ᠡᠯᠡᠰᠦ ᠴᠦᠯ ᠳᠤ ᠲᠠᠯᠠᠢ ᠶᠢ ᠦᠵᠡᠬᠦ· ᠳᠤᠮᠳᠠᠳᠤ ᠤᠯᠤᠰ ᠤᠨ ᠦᠬᠠᠢ︾ ᠶᠢᠨ ᠰᠣᠶᠣᠯ

ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠴᠦ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ

ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ

ᠦᠭᠡᠢ ᠰᠠᠶᠢᠲᠤᠷ ᠵᠠᠮᠨᠠᠬᠤ ᠬᠡᠷᠡᠭᠲᠡᠢ᠃ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ᠂ ᠠᠷᠠᠳ ᠤᠨ

ᠠᠮᠢᠳᠤᠷᠠᠯ ᠢ ᠲᠡᠬᠦᠨ ᠳᠤ ᠲᠠᠯᠪᠢᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠤᠲᠠ ᠶᠢᠨ ᠴᠢᠳᠠᠮᠵᠢ ᠶᠢᠨ

ᠴᠢᠨᠠᠷ ᠴᠢᠨᠰᠠᠭ᠎ᠠ᠂ ᠰᠤᠷᠭᠠᠨ ᠬᠥᠮᠦᠵᠢᠯ ᠡᠮᠴᠢᠯᠡᠭᠡᠨ ᠤ ᠬᠢᠷᠢ ᠲᠦᠪᠰᠢᠨ᠂ ᠠᠮᠤᠷ ᠲᠦᠪᠰᠢᠨ ᠢᠶᠠᠷ ᠬᠥᠭᠵᠢᠭᠦᠯᠬᠦ

ᠴᠢᠳᠠᠪᠤᠷᠢ ᠪᠠᠨ ᠬᠦᠴᠦ ᠪᠠᠨ ᠲᠥᠪᠯᠡᠷᠡᠭᠦᠯᠦᠨ ᠳᠡᠭᠡᠭᠰᠢᠯᠡᠭᠦᠯᠵᠦ᠂ ︽ᠨᠢᠭᠡ ᠮᠦᠴᠡᠳᠤ ᠨᠡᠶᠢᠭᠡᠮ ᠲᠣᠭᠤᠷᠢᠭ ᠤᠨ

ᠠᠮᠢᠳᠤᠷᠠᠯ ᠤᠨ ᠬᠦᠷᠢᠶ᠎ᠡ︾ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ

ᠪᠥᠲᠥᠭᠡᠨ ᠪᠠᠶᠢᠭᠤᠯᠤᠯᠲᠠ ᠶᠢᠨ ᠪᠠᠭᠲᠠᠭᠠᠮᠵᠢ ᠪᠠᠨ ᠥᠷᠭᠡᠳᠬᠡᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ

ᠦᠷᠭᠦᠯᠵᠢᠯᠡᠨ ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠣᠯᠠᠨ ᠳᠤ ᠨᠠᠩ

ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠪᠠᠷ ᠴᠢᠷᠮᠠᠶᠢᠬᠤ ᠬᠡᠷᠡᠭᠲᠡᠶ ᠭᠡᠵᠡᠢ᠃

     ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ

ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠣᠳ ᠦᠵᠡᠯ ᠰᠠᠨᠠᠭ᠎ᠠ ᠪᠠᠷ ᠬᠦᠴᠢᠷ ᠢ ᠲᠤᠭᠤᠯᠤᠨ

ᠬᠥᠭᠵᠢᠯᠲᠡ ᠶᠢ ᠡᠷᠢᠯᠬᠢᠯᠡᠬᠦ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠰᠡᠳᠬᠢᠮᠵᠢ ᠪᠠᠨ

ᠬᠤᠪᠢᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠠᠨ ᠴᠢᠩᠭᠠᠳᠬᠠᠵᠤ᠂ ᠨᠡᠮᠡᠭᠳᠡᠯ ᠢᠶᠠᠨ

ᠲᠣᠭᠲᠠᠪᠤᠷᠢᠵᠢᠭᠤᠯᠵᠤ ᠠᠵᠤ ᠠᠬᠤᠢ ᠶᠢᠨ ᠠᠵᠢᠯᠯᠠᠭᠠᠨ ᠢ ᠠᠳᠬᠤᠬᠤ ᠯᠤᠭ᠎ᠠ ᠨᠢᠭᠲᠠ ᠤᠶᠠᠯᠳᠤᠭᠤᠯᠵᠤ᠂ ᠪᠡᠯᠡ

ᠣᠷᠣᠭᠤᠯᠤᠯᠲᠠ ᠶᠢ ᠠᠬᠢᠭᠤᠯᠵᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠳᠬᠤᠬᠤ ᠯᠤᠭ᠎ᠠ ᠨᠢᠭᠲᠠ

ᠤᠶᠠᠯᠳᠤᠭᠤᠯᠵᠤ᠂ ᠬᠡᠯᠬᠢᠶ᠎ᠡ ᠪᠠᠨ ᠤᠷᠲᠤᠳᠬᠠᠵᠤ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠶᠢ ᠠᠳᠬᠤᠬᠤ

 ᠯᠤᠭ᠎ᠠ ᠨᠢᠭᠲᠠ ᠤᠶᠠᠯᠳᠤᠭᠤᠯᠵᠤ᠂ ᠳᠣᠲᠣᠭᠠᠳᠤ ᠬᠡᠷᠡᠭᠴᠡᠭᠡ ᠪᠠᠨ ᠥᠷᠭᠡᠳᠬᠡᠵᠦ ᠬᠡᠷᠡᠭᠯᠡᠭᠡ ᠶᠢᠨ ᠶᠠᠰᠤ ᠴᠢᠨᠠᠷ ᠢᠶᠠᠨ

ᠳᠡᠭᠡᠭᠰᠢᠯᠡᠭᠦᠯᠬᠦ ᠶᠢ ᠠᠳᠬᠤᠬᠤ ᠯᠤᠭ᠎ᠠ ᠨᠢᠭᠲᠠ ᠤᠶᠠᠯᠳᠤᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠬᠠᠷᠠᠯᠲᠠ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ

ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠳ᠋ᠦᠩᠨᠡᠨ ᠦᠨᠡᠯᠡᠵᠦ᠂ ︽ᠠᠷᠪᠠᠨ

ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢ ᠡᠷᠲᠡᠬᠡᠨ

ᠥᠷᠨᠢᠭᠦᠯᠵᠦ᠂ ᠨᠠᠩ ᠣᠯᠠᠨ ᠴᠢᠬᠤᠯᠠ ᠶᠡᠭᠡ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ

ᠳᠡᠮᠵᠢᠯᠭᠡ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠶ ᠭᠡᠵᠡᠢ᠃

     ᠪᠥᠬᠦᠳᠡ ᠬᠤᠷᠠᠯ ᠠᠴᠠ ᠣᠷᠢᠶᠠᠯᠠᠭᠰᠠᠨ ᠨᠢ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ

ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠣᠳ ᠰᠢ ᠶᠢᠨ ᠫᠢᠩ ᠨᠥᠬᠦᠷ ᠢᠶᠠᠷ ᠭᠤᠣᠯ

ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ

ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ

ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ

ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠠᠯᠲᠠ

ᠡᠭᠦᠷᠭᠡ ᠪᠠᠨ ᠲᠣᠭᠲᠠᠭᠠᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠤᠶᠠᠷ

ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠲᠠᠰᠤᠷᠠᠯᠲᠠ ᠦᠭᠡᠢ ᠰᠢᠨ᠎ᠡ ᠦᠷ᠎ᠡ ᠪᠦᠲᠦᠭᠡᠯ ᠤᠯᠬᠤ ᠶᠢ ᠠᠬᠢᠭᠤᠯᠵᠤ᠂

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ

ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号